蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭᠣᠯ ᠴᠦᠭᠡᠨ ᠲᠣᠭᠠᠲᠤ ᠦᠨᠳᠤᠰᠤᠲᠠᠨ ᠤ 447 ᠲᠡᠭᠡᠲᠤ ᠳᠦᠪᠰᠢᠨ ᠤ ᠭᠤᠤᠯᠯᠠᠭᠴᠢ ᠴᠢᠳᠠᠪᠤᠷᠢᠲᠠᠨ ᠡᠯᠰᠡᠬᠦ ᠪᠡᠷ ᠲᠦᠯᠦᠪᠯᠠᠵᠤ ᠪᠤᠢ

2016-10-13 08:51

    《ᠰᠤᠷᠭᠠᠨ ᠬᠦᠮᠦᠵᠢᠯ ᠤᠨ ᠶᠠᠮᠦᠨ ᠤ ᠠᠯᠪᠠᠨ ᠲᠢᠩᠬᠢᠮ ᠡᠴᠡ ᠪᠠᠭᠤᠯᠭᠠᠭᠰᠠᠨ 2017 ᠤᠨ ᠤ ᠴᠦᠭᠡᠨ ᠲᠣᠭᠠᠲᠤ ᠦᠨᠳᠤᠰᠤᠲᠠᠨ ᠤ ᠲᠡᠭᠡᠲᠤ ᠳᠦᠪᠰᠢᠨ ᠤ ᠭᠤᠤᠯᠯᠠᠭᠴᠢ ᠴᠢᠳᠠᠪᠤᠷᠢᠲᠠᠨ ᠠᠰᠫᠢᠷᠠᠨᠲ ᠡᠯᠰᠡᠬᠦ  ᠲᠦᠯᠦᠪᠯᠡᠬᠡᠨ ᠤ ᠲᠤᠬᠠᠢ ᠮᠡᠳᠡᠭᠳᠡᠯ》 ᠤᠨ ᠵᠤᠷᠢᠭ ᠰᠠᠨᠠᠭ᠎ᠠ ᠬᠢᠬᠡᠳ ᠬᠣᠯᠪᠤᠭᠳᠠᠬᠤ ᠲᠤᠭᠲᠠᠭᠠᠯ ᠤᠨ ᠳᠠᠭᠠᠤ᠂ ᠠᠰᠫᠢᠷᠠᠨᠲ ᠢᠶᠡᠷ ᠨᠠᠷ᠎ᠠ ᠪᠦᠷᠢᠳᠬᠡᠬᠦᠯᠦᠭᠰᠡᠳ ᠢ 10 ᠰᠠᠷ᠎ᠠ ᠶᠢᠨ 8  ᠤ ᠡᠳᠦᠷ ᠡᠴᠡ 10 ᠰᠠᠷ᠎ᠠ ᠶᠢᠨ 31 ᠤ ᠡᠳᠦᠷ ( ᠬᠠᠤᠯᠢ ᠳᠤ ᠲᠤᠭᠲᠠᠭᠠᠭᠰᠠᠨ ᠠᠵᠢᠯᠯᠠᠬᠤ ᠡᠳᠦᠷ)  ᠤᠨ ᠬᠤᠭᠤᠷᠤᠨᠳᠤ ᠬᠢᠨᠠᠵᠤ᠂ ᠳ᠋ᠤᠺᠲ᠋ᠤᠷᠠᠨᠲ  ᠢᠶᠡᠷ ᠨᠠᠷ᠎ᠠ ᠪᠦᠷᠢᠳᠬᠡᠬᠦᠯᠦᠭᠰᠡᠳ ᠢ 11 ᠰᠠᠷ᠎ᠠ ᠶᠢᠨ 1 ᠤ ᠡᠳᠦᠷ ᠡᠴᠡ 12 ᠰᠠᠷ᠎ᠠ ᠶᠢᠨ 31 ᠤ ᠡᠳᠦᠷ ( ᠬᠠᠤᠯᠢ ᠳᠤ ᠲᠤᠭᠲᠠᠭᠠᠭᠰᠠᠨ ᠠᠵᠢᠯᠯᠠᠬᠤ ᠡᠳᠦᠷ)  ᠤᠨ ᠬᠤᠭᠤᠷᠤᠨᠳᠤ ᠬᠢᠨᠠᠬᠤ ᠪᠡᠷ ᠳᠤᠭᠳᠠᠭᠠᠪᠠ᠃

    ᠴᠥᠬᠡᠨ ᠲᠤᠭᠠᠲᠤ ᠦᠨᠳᠤᠰᠤᠲᠠᠨ ᠤ ᠳᠡᠭᠡᠲᠤ ᠳᠦᠪᠰᠢᠨ ᠤ ᠭᠤᠤᠯᠯᠠᠭᠴᠢ ᠴᠢᠳᠠᠪᠤᠷᠢᠲᠠᠨ ᠡᠯᠰᠡᠬᠦ ᠲᠦᠯᠦᠪᠯᠡᠭᠡ ᠪᠣᠯ ᠤᠯᠤᠰ ᠤᠨ ᠴᠥᠬᠡᠨ ᠲᠤᠭᠠᠲᠤ ᠦᠨᠳᠤᠰᠤᠲᠠᠨ ᠪᠣᠯᠤᠨ ᠴᠥᠬᠡᠨ ᠲᠤᠭᠠᠲᠤ ᠦᠨᠳᠤᠰᠤᠲᠠᠨ ᠤ ᠭᠠᠵᠠᠷ ᠤᠷᠤᠨ ᠳᠤ ᠬᠠᠨᠳᠤᠭᠤᠯᠤᠨ ᠬᠡᠷᠡᠭᠵᠢᠭᠦᠯᠵᠤ ᠪᠠᠶᠢᠭ᠎ᠠ ᠴᠢᠳᠠᠪᠤᠷᠢᠲᠠᠨ ᠬᠦᠮᠦᠵᠢᠭᠦᠯᠬᠦ ᠤᠨᠴᠠᠭᠠᠢ ᠲᠦᠯᠦᠪᠯᠡᠬᠡ ᠪᠦᠭᠡᠳ ᠤᠯᠤᠰ  ᠤᠷᠤᠨ ᠳᠤ ᠬᠠᠨᠳᠤᠯᠭ᠎ᠠ ᠲᠠᠢ ᠬᠦᠮᠦᠵᠢᠭᠦᠯᠵᠤ ᠪᠠᠶᠢᠭ᠎ᠠ ᠪᠦᠬᠦᠯᠢ ᠡᠳᠦᠷ ᠤᠨ ᠳᠦᠷᠢᠮᠲᠤ ᠲᠤᠰᠬᠠᠢ ᠳᠦᠷᠦᠯ ᠤᠨ ᠰᠤᠷᠤᠭᠴᠢ ᠡᠯᠰᠡᠬᠦ ᠲᠦᠯᠦᠪᠯᠡᠭᠡ ᠪᠤᠯᠤᠨ᠎ᠠ᠃ 2017 ᠤᠨ ᠳᠤ ᠤᠯᠤᠰ  ᠳᠠᠶᠠᠭᠠᠷ   5000 ᠰᠤᠷᠤᠭᠴᠢ  ᠡᠯᠰᠡᠬᠦ ᠪᠡᠷ ᠲᠦᠯᠦᠪᠯᠡᠵᠤ᠂ ᠡᠭᠦᠨ ᠳᠤ ᠳ᠋ᠤᠺᠲ᠋ᠤᠷᠠᠨᠲ  ᠢᠶᠡᠷ 1000᠂ ᠠᠰᠫᠢᠷᠠᠨᠲ ᠢᠶᠡᠷ 4000 ᠶ᠋ᠢ ᠡᠯᠰᠡᠨ᠎ᠡ᠃ ᠥᠪᠦᠷ ᠮᠣᠩᠭᠣᠯ ᠤᠨ ᠥᠪᠡᠷᠲᠡᠭᠡᠨ ᠵᠠᠰᠠᠬᠤ ᠤᠷᠤᠨ ᠳᠤᠰ  ᠬᠣᠶᠠᠷ ᠲᠦᠷᠦᠯ ᠤᠨ ᠰᠢᠯᠭᠠᠯᠳᠠ ᠪᠡᠷ ᠨᠠᠶᠢᠲᠠ 447 ᠬᠦᠮᠦᠨ ᠡᠯᠰᠡᠬᠦ ᠪᠡᠷ ᠲᠦᠯᠦᠪᠯᠡᠵᠡᠢ᠃

    ᠰᠢᠯᠭᠠᠭᠰᠠᠳ ᠨᠠᠷᠢᠨ ᠪᠠᠶᠢᠳᠠᠯ ᠢ 《 ᠥᠪᠦᠷ ᠮᠣᠩᠭᠣᠯ ᠤᠨ ᠰᠤᠷᠭᠠᠨ ᠬᠦᠮᠦᠵᠢᠯ ᠤᠨ ᠵᠠᠷᠯᠠᠯ》ᠠᠯᠪᠠᠨ ᠤ ᠸᠢᠴᠠᠲ ᠪᠣᠶᠤ ᠥᠪᠦᠷ ᠮᠣᠩᠭᠣᠯ ᠤᠨ ᠰᠤᠷᠭᠠᠨ ᠬᠦᠮᠦᠵᠢᠯ ᠤᠨ ᠲᠢᠩᠬᠢᠮ ᠤᠨ ᠠᠯᠪᠠᠨ ᠤ ᠨᠧᠲ ᠡᠴᠡ ᠤᠶᠢᠯᠠᠭᠠᠭᠠᠷᠠᠢ ﹗

ᠢᠷᠡᠯᠳᠡ᠄ ᠤᠮᠠᠷᠠᠲᠤ ᠶᠢᠨ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119707025