蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠠᠢᠢᠮᠠᠭ ᠬᠤᠲᠠ ᠠᠯᠤᠰᠯᠠᠨ ᠰᠤᠷᠤᠭᠴᠢ ᠡᠯᠰᠡᠪᠡᠯ ᠰᠤᠷᠭᠠᠭᠤᠯᠢ ᠶᠢᠨ ᠬᠠᠷᠢᠶᠠᠯᠠᠯ ᠪᠦᠷᠢᠳᠭᠡᠬᠦᠯᠬᠦ ᠦᠭᠡᠢ

2016-10-13 16:40

    ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠡᠩ ᠤᠨ ᠦᠨᠳᠦᠷ ᠲᠤᠮᠲᠠᠲᠤ ᠶᠢᠨ ᠨᠢᠭᠡᠲᠦᠭᠡᠷ ᠤᠨ ᠤ ᠰᠤᠷᠤᠭᠴᠢᠳ ᠤᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠤᠷᠭᠠᠭᠤᠯᠢ ᠶᠢᠨ ᠬᠠᠷᠢᠶᠠᠯᠠᠯ ᠢ ᠪᠦᠷᠢᠳᠭᠡᠬᠦ ᠠᠵᠢᠯ ᠦᠴᠦᠭᠡᠲᠦᠷ ᠡᠴᠡ ᠡᠬᠢᠯᠡᠨ᠂ 10 ᠰᠠᠷ᠎᠎ᠠ ᠶᠢᠨ 20 ᠤ ᠡᠲᠦᠷ ᠲᠠᠭᠤᠰᠤᠨ᠎ᠠ᠃

    2016 ᠤᠨ ᠳ᠋ᠤ ᠦᠨᠳᠦᠷ ᠲᠤᠮᠲᠠᠲᠤ ᠳ᠋ᠤ ᠤᠷᠤᠭᠰᠠᠨ ᠰᠤᠷᠤᠭᠴᠢᠳ ᠦᠪᠦᠷ ᠮᠤᠩᠭ᠋ᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠰᠤᠷᠠᠭ ᠵᠠᠩᠬᠢ ᠶᠢᠨ ᠠᠯᠪᠠᠨ ᠰᠦᠯᠵᠢᠶ᠎ᠠ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠤᠪᠠᠭ ᠲᠤ ᠤᠷᠤᠵᠤ ᠪᠦᠷᠢᠳᠭᠡᠬᠦᠯᠦᠨ᠎ᠡ᠃ ᠪᠤᠲᠠᠲᠠᠢ ᠱᠠᠭᠠᠷᠲᠠᠯᠭ᠎ᠠ ᠨᠢ ᠲᠤᠤᠷᠠᠬᠢ ᠮᠡᠲᠦ᠄

    ᠨᠢᠭᠡ᠂ 2016 ᠤᠨ ᠤ ᠪᠦᠬᠦ ᠤᠷᠤᠨ ᠤ ᠦᠨᠳᠦᠷ ᠲᠤᠮᠳᠠᠳᠦ  ᠶᠢᠨ ᠡᠯᠰᠡᠯᠳᠡ ᠶᠢᠨ ᠰᠢᠯᠭᠠᠯᠲᠠ ᠳ᠋ᠤ ᠨᠢᠭᠡᠲᠦᠯᠲᠡᠢ ᠵᠤᠬᠢᠶᠠᠨ ᠪᠠᠢᠢᠭᠤᠯᠵᠤ ᠪᠦᠷᠢᠳᠭᠡᠬᠦᠯᠦᠭᠰᠡᠨ ᠰᠤᠷᠤᠭᠴᠢ ᠲᠠᠬᠢᠨ ᠪᠦᠷᠢᠳᠭᠡᠬᠦᠯᠬᠦ ᠪᠠ ᠵᠢᠷᠤᠭ ᠠᠪᠬᠤ ᠴᠢᠬᠤᠯᠠ ᠦᠭᠡᠢ᠂ ᠪᠠᠶ᠎ᠠ ᠶᠢᠨ ᠦᠨᠡᠮᠯᠡᠯ ᠤᠨ ᠳ᠋ᠤᠭᠠᠷ ᠪᠠ ᠨᠢᠭᠤᠴᠠ ᠳ᠋ᠤᠭᠠᠷ ᠶᠢᠡᠷ ᠶᠢᠡᠨ 《ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠡᠩ ᠤᠨ ᠦᠨᠳᠦᠷ ᠲᠤᠮᠲᠠᠲᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠸᠮ》 ᠳ᠋ᠤ ᠤᠷᠤᠵᠤ ᠬᠤᠪᠢ ᠶᠢᠨ ᠨᠠᠮᠲᠡᠷ ᠶᠢᠡᠨ ᠵᠠᠰᠠᠨ ᠰᠢᠨᠡᠳᠭᠡᠨ᠎ᠡ᠃

    ᠬᠤᠶᠠᠷ᠂ ᠦᠨᠳᠦᠷ ᠨᠢᠭᠡ ᠶᠢᠨ ᠪᠤᠰᠤᠳ ᠰᠤᠷᠤᠭᠴᠢ ᠤᠷᠤᠨ ᠤ ᠡᠩ ᠤᠨ ᠦᠨᠳᠦᠷ ᠲᠤᠮᠲᠠᠲᠤ ᠰᠤᠷᠭᠠᠭᠤᠯᠢ ᠳ᠋ᠤ ᠡᠯᠰᠡᠬᠦ ᠲᠤᠭᠲᠠᠭᠠᠯ ᠳ᠋ᠤ ᠨᠠᠢᠢᠴᠡᠵᠦ᠂ 2016 ᠤᠨ ᠤ ᠪᠦᠬᠦ ᠤᠷᠤᠨ ᠤ ᠦᠨᠳᠦᠷ ᠲᠤᠮᠳᠠᠳᠦ  ᠶᠢᠨ ᠡᠯᠰᠡᠯᠳᠡ ᠶᠢᠨ ᠰᠢᠯᠭᠠᠯᠲᠠ ᠳ᠋ᠤ ᠨᠢᠭᠡᠲᠦᠯᠲᠡᠢ ᠵᠤᠬᠢᠶᠠᠨ ᠪᠠᠢᠢᠭᠤᠯᠵᠤ ᠪᠦᠷᠢᠳᠭᠡᠬᠦᠯᠭᠡ ᠳ᠋ᠤ ᠤᠷᠤᠯᠴᠠᠭ᠎ᠠ ᠦᠭᠡᠢ ᠪᠤᠯ ᠲᠤᠬᠠᠢ ᠶᠢᠨ ᠰᠤᠷᠭᠠᠭᠤᠯᠢ ᠡᠴᠡ ᠨᠢᠭᠡᠲᠦᠯᠲᠡᠢ ᠵᠤᠬᠢᠶᠠᠨ ᠪᠠᠢᠢᠭᠤᠯᠵᠤ ᠪᠦᠷᠢᠳᠭᠡᠬᠦᠯᠬᠦ ᠬᠡᠷᠡᠭᠲᠡᠢ᠃

    ᠭᠤᠷᠪᠠ᠂ ᠪᠦᠷᠢᠳᠭᠡᠭᠦᠯᠦᠭᠰᠡᠨ ᠰᠤᠷᠤᠭᠴᠢ ᠤᠲᠠᠭ᠎ᠠ ᠪᠦᠷᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠳ᠋ᠤ ᠪᠦᠷᠢᠳᠭᠡᠬᠦᠯᠬᠦ ᠳ᠋ᠡᠭᠡᠨ᠂ ᠪᠠᠶ᠎ᠠ ᠶᠢᠨ ᠦᠨᠡᠮᠯᠡᠯ᠂ ᠨᠡᠷ᠎ᠡ᠂ ᠨᠢᠭᠤᠴᠠ ᠳ᠋ᠤᠭᠠᠷ ᠶᠢᠡᠷ 《ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠡᠩ ᠤᠨ ᠦᠨᠳᠦᠷ ᠲᠤᠮᠲᠠᠲᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠸᠮ》 ᠳ᠋ᠤ ᠤᠷᠤᠵᠤ ᠰᠢᠯᠭᠠᠬᠤ ᠬᠢᠴᠢᠶᠠᠯ ᠶᠢᠡᠨ ᠰᠤᠩᠭ᠋ᠤᠵᠤ᠂ ᠲᠦᠯᠦᠪᠦᠷᠢ ᠪᠠᠨ ᠲᠤᠰᠢᠶᠠᠨ᠎ᠠ᠃

    ᠲᠦᠷᠪᠡ᠂ ᠡᠯ᠎ᠡ ᠦᠨᠳᠦᠷ ᠲᠤᠮᠲᠠᠲᠤ ᠰᠤᠷᠭᠠᠭᠤᠯᠢ ᠵᠢᠴᠢ ᠡᠯ᠎ᠡ ᠱᠠᠲᠤᠨ ᠤ ᠰᠤᠷᠭᠠᠨ ᠬᠦᠮᠦᠵᠢᠯ ᠰᠤᠷᠤᠭᠴᠢ ᠡᠯᠰᠡᠬᠦ ᠰᠢᠯᠭᠠᠯᠲᠠ ᠶᠢᠨ ᠰᠠᠯᠠᠭ᠎ᠠ ᠮᠦᠴᠢᠷ ᠦᠪᠡᠷᠲᠡᠭᠡᠨ ᠵᠠᠰᠠᠬᠤ ᠤᠷᠤᠨ ᠤ ᠰᠤᠷᠤᠭᠴᠢ ᠡᠯᠰᠡᠬᠦ ᠬᠠᠮᠢᠶᠠᠷᠤᠯᠲᠠ ᠶᠢᠨ ᠲᠤᠭᠲᠠᠭᠠᠯ ᠶᠤᠰᠤᠭᠠᠷ ᠦᠨᠳᠦᠷ ᠨᠢᠭᠡᠲᠦᠭᠡᠷ ᠤᠨ ᠤ ᠰᠤᠷᠤᠭᠴᠢᠳ ᠤᠨ ᠪᠦᠷᠢᠳᠭᠡᠬᠦᠯᠦᠭᠰᠡᠨ ᠰᠤᠷᠠᠭ ᠵᠠᠩᠬᠢ  ᠶᠢ ᠨᠠᠷᠢᠨ ᠬᠢᠨᠠᠮᠠᠭᠠᠢ ᠪᠠᠢᠢᠴᠠᠭᠠᠬᠤ ᠬᠡᠷᠡᠭᠲᠡᠢ᠃ ᠲᠦᠷᠢᠮ ᠵᠦᠷᠢᠴᠡᠨ ᠠᠢᠢᠮᠠᠭ ᠬᠤᠲᠠ ᠠᠯᠤᠰᠯᠠᠨ ᠰᠤᠷᠤᠭᠴᠢ ᠡᠯᠰᠡᠭᠰᠡᠨ ᠪᠠᠢᠢᠪᠠᠯ ᠪᠦᠷᠢᠳᠭᠡᠬᠦᠯᠬᠦ ᠡᠷᠬᠡ ᠦᠭᠡᠢ᠃

ᠢᠷᠡᠯᠳᠡ᠄ ᠦᠪᠦᠷ ᠮᠤᠩᠭ᠋ᠤᠯ ᠤᠨ ᠦᠷᠯᠦᠭᠡ ᠶᠢᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119712125