蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠰᠠᠭᠤᠷᠢ ᠰᠤᠷᠭᠠᠨ ᠬᠦᠮᠥᠵᠢᠯ ᠤᠨ ᠰᠤᠷᠭᠠᠭᠤᠯᠢ ᠡᠷᠬᠢᠯᠡᠬᠦ ᠲᠦᠪᠰᠢᠨ ᠢ ᠪᠦᠬᠦ ᠲᠠᠯ᠎ᠠ ᠪᠠᠷ ᠲᠡᠭᠡᠭ᠍ᠰᠢᠯᠡᠬᠦᠯᠬᠦ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠬᠤᠷᠠᠯᠳᠤᠪᠠ

2016-10-13 16:45

    10 ᠰᠠᠷ᠎ᠠ ᠶᠢᠨ 9᠎ ᠠᠴᠠ 10᠎ ᠤ ᠡᠳᠤᠷ ᠪᠤᠯᠳᠠᠯ᠎ᠠ᠂ ᠪᠦᠬᠦ ᠤᠷᠤᠨ ᠤ ᠰᠠᠭᠤᠷᠢ ᠰᠤᠷᠭᠠᠨ ᠬᠦᠮᠥᠵᠢᠯ ᠤᠨ ᠰᠤᠷᠭᠠᠭᠤᠯᠢ ᠡᠷᠬᠢᠯᠡᠬᠦ ᠲᠦᠪᠰᠢᠨ ᠢ ᠪᠦᠬᠦ ᠲᠠᠯ᠎ᠠ ᠪᠠᠷ ᠲᠡᠭᠡᠭ᠍ᠰᠢᠯᠡᠬᠦᠯᠬᠦ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠲᠦᠩᠯᠢᠶᠤᠤ ᠬᠤᠳᠠ᠂ ᠬᠢᠩᠭ᠋ᠠᠨ ᠠᠶᠢᠮᠠᠭ ᠲᠤ ᠬᠤᠷᠠᠯᠳᠤᠵᠥ᠂ ᠮᠠᠨ ᠤ ᠤᠷᠤᠨ ᠤ ᠰᠠᠭᠤᠷᠢ ᠰᠤᠷᠭᠠᠨ ᠬᠦᠮᠥᠵᠢᠯ ᠤᠨ ᠠᠵᠢᠯ ᠤᠨ ᠪᠠᠶᠢᠳᠠᠯ ᠢ ᠳ᠋ᠦᠩᠨᠡᠨ ᠰᠤᠯᠢᠯᠴᠠᠵᠥ᠂ ᠬᠤᠶᠢᠰᠢᠳᠠ ᠶᠢᠨ ᠨᠢᠬᠡᠨ ᠬᠤᠭᠤᠴᠠᠭᠠᠨ ᠤ ᠭᠤᠤᠯᠳᠠᠯᠭ᠎ᠠ ᠲᠠᠢ ᠡᠬᠦᠷᠬᠡ ᠶᠢ ᠰᠤᠳᠤᠯᠤᠨ ᠪᠠᠶᠢᠷᠢᠯᠠᠭᠤᠯᠪᠠ᠃

    ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠠᠢ ᠰᠢᠶᠠᠩ ᠴᠢᠶᠦ᠋ᠨ ᠬᠤᠷᠠᠯ ᠳᠤ ᠤᠷᠤᠯᠴᠠᠵᠥ ᠶᠠᠷᠢᠶ᠎ᠠ ᠲᠠᠯᠪᠢᠪᠠ᠃

    ᠪᠠᠢ ᠰᠢᠶᠠᠩ ᠴᠢᠶᠦ᠋ᠨ ᠵᠢᠭᠠᠵᠦ ᠭᠠᠷᠭᠠᠬᠰᠠᠨ ᠨᠢ᠂ ᠮᠠᠨ ᠤ ᠤᠷᠤᠨ ᠤ ᠰᠠᠭᠤᠷᠢ ᠰᠤᠷᠭᠠᠨ ᠬᠦᠮᠥᠵᠢᠯ ᠳᠤ ᠪᠦᠳᠦᠴᠡ ᠶᠢ ᠲᠤᠬᠢᠷᠠᠭᠤᠯᠬᠤ᠂ ᠶᠠᠰᠤ ᠴᠢᠨᠠᠷ ᠢ ᠲᠡᠭᠡᠭ᠍ᠰᠢᠯᠡᠬᠦᠯᠬᠦ᠂ ᠲᠦᠪ ᠭᠤᠤᠯᠴᠢ ᠶᠢ ᠪᠠᠳᠤᠯᠠᠬᠤ ᠵᠡᠷᠬᠡ ᠲᠠᠯ᠎ᠠ ᠪᠠᠷ ᠰᠢᠨ᠎ᠡ ᠦᠷᠢᠰᠦᠯᠳᠦᠬᠡᠨ ᠲᠤᠯᠭᠠᠷᠠᠵᠥ᠂ ᠰᠠᠭᠤᠷᠢ ᠰᠤᠷᠭᠠᠨ ᠬᠦᠮᠥᠵᠢᠯ ᠤᠨ ᠬᠦᠭ᠍ᠵᠢᠯᠳᠡ ᠲᠡᠩᠴᠡᠬᠦᠤ ᠪᠤᠰᠤ᠂ ᠰᠠᠭᠤᠷᠢ ᠰᠤᠷᠭᠠᠨ ᠬᠦᠮᠥᠵᠢᠯ ᠤᠨ ᠤᠢᠢᠯᠠᠭᠠᠬᠳᠠᠬᠤᠨ ᠪᠤᠯᠤᠨ ᠵᠠᠭᠪᠤᠷ ᠲᠠᠪᠰᠢᠩᠭ᠋ᠤᠢ ᠪᠢᠰᠢ᠂ ᠪᠠᠳᠤᠯᠠᠪᠤᠷᠢ ᠶᠢᠨ ᠠᠷᠭ᠎ᠠ ᠬᠡᠮᠵᠢᠶ᠎ᠡ ᠬᠦᠴᠦᠳᠠᠢ ᠪᠢᠰᠢ ᠪᠠᠶᠢᠵᠦ᠂ ᠡᠳᠡᠭᠡᠷ ᠠᠰᠠᠭᠤᠳᠠᠯ ᠢ ᠪᠦᠳᠦᠮᠵᠢᠳᠡᠢ ᠠᠷᠭ᠎ᠠ ᠬᠡᠮᠵᠢᠶ᠎ᠡ ᠠᠪᠴᠦ ᠵᠤᠬᠢᠰᠳᠠᠢ ᠰᠢᠢᠳᠪᠤᠷᠢᠯᠡᠬᠦ ᠶᠢ ᠲᠤᠯᠭᠠᠮ᠎ᠠ ᠱᠠᠭᠠᠷᠳᠠᠵᠥ ᠪᠠᠶᠢᠨ᠎ᠠ ᠬᠡᠪᠠ᠃

    ᠪᠠᠢ ᠰᠢᠶᠠᠩ ᠴᠢᠶᠦ᠋ᠨ ᠱᠠᠭᠠᠷᠳᠠᠬᠰᠠᠨ ᠨᠢ᠂ ᠬᠤᠰᠢᠭᠤ ᠰᠢᠶᠠᠨ ᠤ ᠲᠤᠳᠤᠷᠡᠬᠢ ᠬᠤᠳᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠲᠡᠩᠴᠡᠬᠦᠤ ᠬᠦᠭ᠍ᠵᠢᠯᠳᠡ ᠶᠢᠨ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ᠂ ᠪᠠᠭᠤᠷᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠵᠥ᠂ ᠰᠤᠷᠤᠭᠴᠢ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠬᠦ ᠬᠡᠷᠡᠭᠳᠡᠢᠪᠠᠭᠰᠢ ᠶᠢᠨ ᠡᠩᠨᠡᠬᠡᠨ ᠤ ᠪᠠᠶᠢᠭᠤᠯᠤᠯᠳᠡ ᠶᠢ ᠴᠢᠩᠭ᠋ᠠᠳᠬᠠᠵᠤ᠂ ᠪᠠᠭᠰᠢ ᠶᠢᠨ ᠤᠯᠭᠤᠮᠵᠢ ᠶᠢ ᠦᠨᠡᠨᠬᠦ ᠲᠡᠭᠡᠭ᠍ᠰᠢᠯᠡᠬᠦᠯᠵᠥ᠂ ᠪᠠᠭᠰᠢ ᠶᠢᠨ ᠮᠡᠷᠭᠡᠵᠢᠯ ᠤᠨ ᠴᠤᠯᠠ ᠶᠢ ᠲᠤᠭᠳᠠᠭᠠᠬᠤ ᠪᠠ ᠤᠷᠢᠨ ᠭᠡᠷᠡᠭᠯᠡᠬᠦ ᠠᠵᠢᠯ ᠢ ᠦᠭᠡᠷᠡᠴᠢᠯᠡᠵᠥ᠂ ᠪᠠᠭᠰᠢ ᠶᠢᠨ ᠲᠤᠰᠬᠠᠢᠢᠵᠢᠭ‍ᠰᠠᠨ ᠬᠦᠭ᠍ᠵᠢᠯᠳᠡ ᠶᠢ ᠠᠬᠢᠭᠤᠯᠬᠤ ᠬᠡᠷᠡᠭᠳᠡᠢᠰᠠᠭᠤᠷᠢ ᠰᠤᠷᠭᠠᠨ ᠬᠦᠮᠥᠵᠢᠯ ᠤᠨ ᠦᠭᠡᠷᠡᠴᠢᠯᠡᠯᠳᠡ ᠶᠢ ᠬᠦᠨᠵᠡᠬᠡᠶᠢᠷᠡᠬᠦᠯᠵᠥ᠂ ᠰᠢᠰᠲ᠋ᠧᠮᠵᠢᠬᠦᠯᠥᠨ ᠲᠦᠯᠥᠪᠯᠡᠵᠥ᠂ ᠪᠦᠬᠦᠯᠢ ᠴᠤᠭᠴᠠᠵᠢᠭᠤᠯᠤᠨ ᠠᠬᠢᠭᠤᠯᠬᠤ ᠬᠡᠷᠡᠭᠳᠡᠢᠰᠤᠷᠭᠠᠨ ᠬᠦᠮᠥᠵᠢᠯ ᠤᠨ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠶᠢ ᠬᠡᠷᠡᠭᠵᠢᠬᠦᠯᠵᠥ᠂ ᠠᠵᠢᠯ ᠮᠡᠷᠭᠡᠵᠢᠯ ᠤᠨ ᠰᠤᠷᠭᠠᠨ ᠬᠦᠮᠥᠵᠢᠯ ᠤᠨ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠶᠢ ᠠᠬᠢᠭᠤᠯᠵᠥ᠂ ᠡᠯ᠎ᠡ ᠵᠦᠢᠯ ᠤᠨ ᠰᠤᠷᠭᠠᠨ ᠬᠦᠮᠥᠵᠢᠯ ᠤᠨ ᠢᠨᠵᠧᠨᠧᠷᠢᠩ ᠢ ᠨᠢᠬᠡᠳᠤᠯᠳᠡᠢ ᠲᠦᠯᠥᠪᠵᠢᠬᠦᠯᠥᠨ ᠬᠡᠷᠡᠭᠵᠢᠬᠦᠯᠬᠦ ᠬᠡᠷᠡᠭᠳᠡᠢᠮᠡᠳᠡᠭᠡ ᠵᠠᠩᠬᠢᠵᠢᠯᠳᠡ ᠪᠤᠯᠤᠨ ᠰᠤᠷᠭᠠᠨ ᠬᠦᠮᠥᠵᠢᠯ ᠵᠢᠭᠠᠨ ᠰᠤᠷᠭᠠᠯᠳᠡ ᠶᠢᠨ ᠬᠠᠮᠢᠶᠠᠷᠤᠯᠳᠡ ᠶᠢᠨ ᠬᠦᠨ ᠠᠭᠤᠰᠤᠯᠴᠠᠯ ᠢ ᠠᠬᠢᠭᠤᠯᠵᠥ᠂ ᠰᠤᠷᠤᠯᠴᠠᠬᠤ ᠤᠷᠴᠢᠨ ᠲᠤᠭᠤᠷᠢᠨ ᠪᠤᠯᠤᠨ ᠵᠢᠭᠠᠨ ᠰᠤᠷᠭᠠᠯᠳᠡ ᠶᠢᠨ ᠵᠠᠭᠪᠤᠷ ᠤᠨ ᠰᠢᠨ᠎ᠡ ᠡᠬᠦᠳᠦᠯᠳᠡ ᠶᠢ ᠠᠬᠢᠭᠤᠯᠵᠥ᠂ ᠪᠠᠭᠰᠢ ᠶᠢᠨ ᠮᠡᠳᠡᠭᠡ ᠵᠠᠩᠬᠢᠵᠢᠭᠰᠠᠨ ᠬᠡᠷᠡᠭᠯᠡᠭᠡᠨ ᠤ ᠴᠢᠳᠠᠪᠤᠷᠢ ᠶᠢᠨ ᠲᠡᠭᠡᠭ᠍ᠰᠢᠯᠡᠯᠳᠡ ᠶᠢ ᠠᠬᠢᠭᠤᠯᠵᠥ᠂ ᠡᠯ᠎ᠡ ᠱᠠᠳᠤᠨ ᠤ ᠡᠯ᠎ᠡ ᠲᠦᠷᠦᠯ ᠤᠨ ᠲᠠᠪᠴᠠᠩ ᠤᠨ ᠦᠢᠯᠡᠴᠢᠯᠡᠭᠡ ᠶᠢ ᠨᠡᠶᠢᠳᠬᠡᠬᠦ ᠶᠢ ᠠᠬᠢᠭᠤᠯᠬᠤ ᠬᠡᠷᠡᠭᠳᠡᠢ ᠬᠡᠪᠠ᠃

ᠢᠷᠡᠯᠳᠡ᠄ ᠲᠤᠮᠲᠠᠲᠤ ᠤᠯᠤᠰ ᠤᠨ ᠮᠤᠩᠭ᠋ᠤᠯ ᠬᠡᠯᠡᠨ ᠤ ᠰᠤᠨᠢᠨ ᠮᠡᠲᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119712221