蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠶᠡᠬᠡ ᠲᠡᠭᠡᠳᠦ ᠰᠤᠷᠭᠠᠭᠤᠯᠢ ᠶᠢᠨ 40 ᠲᠦᠮᠡᠨ ᠤᠶᠤᠲᠠᠳ ᠠᠲᠠᠯ ᠪᠤᠰᠬᠠᠵᠤ ᠰᠢᠨ᠎ᠡ ᠶᠢ ᠡᠭᠦᠳᠬᠦ ᠰᠤᠷᠭᠠᠨ ᠬᠦᠮᠦᠵᠢᠯ ᠢ ᠬᠦᠷᠲᠡᠵᠦ ᠪᠤᠢ

2016-10-17 11:59

    10 ᠰᠠᠷ᠎ᠠ ᠶᠢᠨ 12 ᠤᠨ ᠡᠲᠦᠷ᠂ ᠰᠤᠷᠪᠤᠯᠵᠢᠯᠠᠭᠴᠢ 《ᠦᠪᠡᠷᠲᠡᠭᠡᠨ ᠵᠠᠰᠠᠬᠤ ᠤᠷᠤᠨ ᠤ ᠶᠡᠬᠡ ᠲᠡᠭᠡᠳᠦ ᠰᠤᠷᠭᠠᠭᠤᠯᠢ ᠠᠲᠠᠯ ᠪᠤᠰᠬᠠᠵᠤ ᠰᠢᠨ᠎ᠡ ᠶᠢ ᠡᠭᠦᠳᠬᠦ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ ᠭᠦᠨᠵᠡᠭᠡᠢᠢᠷᠡᠬᠦᠯᠤᠯᠲᠠ ᠶᠢᠨ ᠤᠲᠤᠬᠢ ᠪᠠᠢᠢᠲᠠᠯ ᠪᠠ ᠠᠷᠭ᠎ᠠ ᠪᠠᠷᠢᠯ》ᠰᠤᠨᠢᠨ ᠮᠡᠲᠡᠭᠡ ᠨᠡᠢᠢᠲᠡᠯᠡᠬᠦ ᠬᠤᠷᠠᠯ ᠡᠴᠡ ᠤᠢᠢᠯᠠᠭᠠᠭᠰᠠᠨ ᠶᠢᠡᠷ᠂ ᠮᠠᠨ ᠤ ᠤᠷᠤᠨ ᠤ ᠶᠡᠬᠡ ᠲᠡᠭᠡᠳᠦ ᠰᠤᠷᠭᠠᠭᠤᠯᠢ ᠠᠲᠠᠯ ᠪᠤᠰᠬᠠᠵᠤ ᠰᠢᠨ᠎ᠡ ᠶᠢ ᠡᠭᠦᠳᠬᠦ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ ᠭᠦᠨᠵᠡᠭᠡᠢᠢᠷᠡᠬᠦᠯᠬᠦ ᠠᠵᠢᠯ 2015 ᠤᠨ ᠤ ᠵᠢᠯ ᠤᠨ ᠰᠡᠭᠦᠯᠴᠢ ᠪᠡᠷ ᠡᠬᠢᠯᠡᠵᠦ᠂ 40 ᠲᠦᠮᠡᠨ ᠤᠶᠤᠲᠠᠳ ᠶᠡᠬᠡ ᠲᠡᠭᠡᠳᠦ ᠰᠤᠷᠭᠠᠭᠤᠯᠢ ᠠᠲᠠᠯ ᠪᠤᠰᠬᠠᠵᠤ ᠰᠢᠨ᠎ᠡ ᠶᠢ ᠡᠭᠦᠳᠬᠦ ᠰᠤᠷᠭᠠᠨ ᠬᠦᠮᠦᠵᠢᠯ ᠬᠦᠷᠲᠡᠪᠡ᠃

    ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠲᠡᠳ᠋ ᠲᠠᠷᠤᠭ᠎ᠠ ᠵᠠᠩ ᠶᠠ ᠮᠢᠨ ᠤ ᠲᠠᠨᠢᠯᠴᠠᠭᠤᠯᠤᠭᠰᠠᠨ ᠶᠢᠡᠷ᠂ ᠤᠲᠤᠬᠠᠨ ᠳ᠋ᠤ ᠪᠦᠬᠦ ᠤᠷᠤᠨ ᠤ ᠬᠡᠪᠴᠢᠶᠠᠨ ᠤ ᠤᠯᠤᠰ ᠤᠨ ᠵᠡᠷᠭᠡᠯᠡᠯ ᠤᠨ ᠵᠢᠭᠠᠨ ᠰᠤᠷᠭᠠᠯᠲᠠ ᠶᠢᠨ ᠲᠤᠷᠰᠢᠯᠲᠠ ᠶᠢᠨ ᠵᠢᠱᠢᠶ᠎᠎ᠡ ᠦᠵᠡᠬᠦᠯᠬᠦ ᠲᠦᠪ 9 ᠂ ᠦᠪᠡᠷᠲᠡᠭᠡᠨ ᠵᠠᠰᠠᠬᠤ ᠤᠷᠤᠨ ᠤ ᠵᠡᠷᠭᠡᠯᠡᠯ ᠤᠨ ᠵᠢᠭᠠᠨ ᠰᠤᠷᠭᠠᠯᠲᠠ ᠶᠢᠨ ᠲᠤᠷᠰᠢᠯᠲᠠ ᠶᠢᠨ ᠵᠢᠱᠢᠶ᠎᠎ᠡ ᠦᠵᠡᠬᠦᠯᠬᠦ ᠲᠦᠪ 61 ᠪᠠᠢᠢᠵᠤ᠂ 5 ᠶᠡᠬᠡ ᠲᠡᠭᠡᠳᠦ ᠰᠤᠷᠭᠠᠭᠤᠯᠢ ᠦᠢᠯᠡᠰ ᠪᠤᠰᠬᠠᠯᠲᠠ ᠶᠢᠨ ᠲᠡᠭᠡᠳᠦ ᠰᠤᠷᠭᠠᠭᠤᠯᠢ ᠪᠠᠢᠢᠭᠤᠯᠪᠠ᠃ ᠪᠦᠬᠦ ᠤᠷᠤᠨ ᠤ ᠶᠡᠬᠡ ᠲᠡᠭᠡᠳᠦ ᠰᠤᠷᠭᠠᠭᠤᠯᠢ ᠠᠲᠠᠯ ᠪᠤᠰᠬᠠᠵᠤ ᠰᠢᠨ᠎ᠡ ᠶᠢ ᠡᠭᠦᠳᠬᠦ ᠬᠢᠴᠢᠶᠠᠯ ᠲᠤᠬᠢᠷᠠᠭᠤᠯᠵᠤ᠂ ᠰᠤᠷᠤᠯᠭ᠎᠎ᠠ ᠶᠢᠨ ᠬᠤᠪᠢ ᠪᠡᠷ ᠬᠠᠮᠢᠶᠠᠷᠴᠤ᠂ 2016 ᠤᠨ ᠳ᠋ᠤ ᠲᠤᠰᠬᠠᠢ ᠬᠦᠷᠦᠩᠬᠡ ᠤᠷᠤᠭᠤᠯᠵᠤ᠂《ᠤᠶᠤᠲᠠᠳ ᠤᠨ ᠠᠲᠠᠯ ᠪᠤᠰᠬᠠᠵᠤ ᠰᠢᠨ᠎ᠡ ᠶᠢ ᠡᠭᠦᠳᠬᠦ ᠲᠦᠰᠦᠯ》 ᠤᠨ 200 ᠲᠦᠰᠦᠯ ᠢ ᠲᠡᠮᠵᠢᠪᠡ᠃

    ᠲᠠᠨᠢᠯᠴᠠᠭᠤᠯᠤᠭᠰᠠᠨ ᠶᠢᠡᠷ᠂ ᠤᠶᠤᠲᠠᠳ ᠤᠨ ᠠᠲᠠᠯ ᠪᠤᠰᠬᠠᠵᠤ ᠰᠢᠨ᠎ᠡ ᠶᠢ ᠡᠭᠦᠳᠬᠦ ᠶᠢ ᠵᠤᠷᠢᠭᠵᠢᠭᠤᠯᠬᠤ ᠪᠡᠷ ᠰᠤᠷᠭᠠᠭᠤᠯᠢ ᠵᠠᠪᠰᠠᠷᠲᠠᠨ ᠠᠲᠠᠯ ᠪᠤᠰᠬᠠᠬᠤ᠂ ᠰᠢᠨ᠎ᠡ ᠶᠢ ᠡᠭᠦᠳᠬᠦ ᠲᠤᠷᠰᠢᠯᠲᠠ ᠬᠢᠬᠦ᠂ ᠦᠭᠦᠯᠡᠯ ᠨᠡᠢᠢᠲᠡᠯᠡᠬᠦ᠂ ᠲᠤᠰᠬᠠᠢ ᠠᠰᠢᠭ ᠤᠨ ᠡᠷᠬᠡ ᠵᠡᠷᠭᠡ ᠶᠢ ᠵᠤᠷᠢᠭᠵᠢᠭᠤᠯᠤᠨ ᠵᠤᠬᠢᠬᠤ ᠰᠤᠷᠤᠯᠭ᠎ᠠ ᠶᠢᠨ ᠬᠤᠪᠢ ᠪᠡᠷ ᠨᠤᠭᠤᠯᠤᠨ ᠪᠤᠲᠤᠬᠤ ᠪᠤᠯᠤᠨ᠎ᠠ᠃ ᠤᠢᠢᠯᠠᠭᠠᠭᠰᠠᠨ ᠶᠢᠡᠷ᠂ 2017 ᠤᠨ ᠤ ᠵᠢᠯ ᠤᠨ ᠡᠴᠦᠰ ᠪᠤᠯᠲᠠᠯ᠎ᠠ᠂ ᠠᠲᠠᠯ ᠪᠤᠰᠬᠠᠵᠤ ᠰᠢᠨ᠎ᠡ ᠶᠢ ᠡᠬᠦᠳᠬᠦ ᠶᠢ ᠰᠤᠷᠤᠯᠭ᠎ᠠ ᠶᠢᠨ ᠬᠤᠪᠢ ᠪᠡᠷ ᠪᠤᠲᠤᠬᠤ ᠶᠢ ᠪᠦᠬᠦ ᠤᠷᠤᠨ ᠤ ᠶᠡᠬᠡ ᠲᠡᠭᠡᠳᠦ ᠰᠤᠷᠭᠠᠭᠤᠯᠢ ᠳ᠋ᠤ ᠲᠦᠭᠡᠮᠡᠯᠵᠢᠬᠦᠯᠬᠦ ᠪᠤᠯᠤᠨ᠎ᠠ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠲᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119731927