蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠰ ᠬᠠᠦᠯᠢᠵᠢᠯ ᠤᠨ ᠵᠠᠮ ᠳ᠋ᠤ ᠤᠷᠤᠯ᠎ᠠ

2016-10-18 19:31

    9 ᠰᠠᠷ᠎ᠠ ᠶᠢᠨ 29᠎ ᠤ ᠡᠳᠦᠷ᠂ ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠵᠢᠷᠭᠤᠳᠤᠭᠠᠷ ᠬᠤᠷᠠᠯ ᠠᠴᠠ 《ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ》 ᠢ ᠪᠠᠳᠤᠯᠠᠪᠠ᠂ ᠳᠡᠭᠡᠪᠡᠯ《ᠳᠦᠷᠢᠮ》 ᠳ᠋ᠤ ᠦᠨᠳᠦᠰᠦᠳᠡᠨ ᠤ ᠰᠤᠷᠭᠠᠨ ᠬᠦᠮᠦᠵᠢᠯ ᠤᠨ ᠳᠣᠬᠠᠢ ᠶᠠᠮᠠᠷ ᠶᠠᠮᠠᠷ ᠰᠢᠨ᠎ᠠ ᠳᠣᠭᠳᠠᠭᠠᠯ ᠭᠠᠷᠭᠠᠪᠠ

    9 ᠰᠠᠷ᠎ᠠ ᠶᠢᠨ 29᠎ ᠤ ᠡᠳᠦᠷ᠂ ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠵᠢᠷᠭᠤᠳᠤᠭᠠᠷ ᠬᠤᠷᠠᠯ ᠠᠴᠠ《ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ》 ᠢ ᠪᠠᠳᠤᠯᠠᠵᠣ᠂ ᠡᠨᠡ ᠵᠢᠯ ᠤᠨ 11 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠳᠣᠭᠳᠠᠪᠠ᠃ ᠡᠨᠡ ᠨᠢ ᠦᠪᠤᠷ ᠮᠤᠩᠭ᠋ᠤᠯ ᠤᠨ ᠦᠨᠳᠦᠰᠦᠳᠡᠨ ᠤ ᠰᠤᠷᠭᠠᠨ ᠬᠦᠮᠦᠵᠢᠯ ᠤᠨ ᠦᠢᠯᠡᠰ ᠬᠠᠤᠯᠢᠵᠢᠯ ᠤᠨ ᠵᠠᠮ ᠳᠤ ᠤᠷᠤᠬᠰᠠᠨ ᠢ ᠬᠠᠷᠠᠭᠤᠯᠵᠦ ᠪᠠᠶᠢᠨ᠎ᠠ᠃ ᠳᠡᠭᠡᠪᠡᠯᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ ᠢ ᠳᠣᠭᠳᠠᠭᠠᠭᠰᠠᠨ ᠠᠬᠤᠢ ᠪᠠᠶᠢᠳᠠᠯ᠂ ᠴᠢᠬᠤᠯᠠ ᠴᠢᠨᠠᠷ ᠨᠢ ᠶᠠᠭᠤ ᠪᠣᠢᠳᠦᠷᠢᠮ》 ᠳ᠋ᠤ ᠶᠠᠮᠠᠷ ᠶᠠᠮᠠᠷ ᠪᠣᠳᠠᠳᠠᠢ ᠳᠣᠭᠳᠠᠭᠠᠯ ᠪᠠᠶᠢᠭ᠎ᠠ ᠪᠣᠯ

    《ᠲᠦᠷᠢᠮᠳ᠋ᠡᠬᠢ ᠬᠡᠰᠡᠭ ᠠᠭᠤᠯᠭ᠎ᠠ

    ★ᠬᠤᠤᠰ ᠬᠡᠯᠡ ᠪᠠᠷ ᠵᠢᠭᠠᠨ ᠰᠤᠷᠭᠠᠬᠤ ᠦᠨᠳᠦᠰᠦᠳᠡᠨ ᠤ ᠴᠡᠴᠡᠷᠯᠢᠭ᠂ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠴᠠᠯᠢᠩ ᠤᠯᠭᠤᠮᠵᠢ ᠶᠢ ᠠᠳᠠᠯᠢ ᠲᠡᠰ ᠤᠨ ᠠᠳᠠᠯᠢ ᠲᠦᠷᠦᠯ ᠤᠨ ᠪᠤᠰᠤᠳ ᠰᠤᠷᠭᠠᠭᠤᠯᠢ ᠶᠢᠨ ᠪᠠᠭᠰᠢ ᠶᠢᠨ ᠴᠠᠯᠢᠩ ᠤᠯᠭᠤᠮᠵᠢ ᠠᠴᠠ ᠵᠤᠬᠢᠬᠤ ᠬᠡᠮᠵᠢᠶ᠎ᠡ ᠪᠠᠷ ᠦᠨᠳᠤᠷ ᠪᠠᠶᠢᠯᠭᠠᠨ᠎ᠠ᠃

    ★ᠦᠪᠡᠷᠳᠡᠭᠡᠨ ᠵᠠᠰᠠᠬᠤ ᠤᠷᠤᠨ ᠠᠴᠠ ᠮᠤᠩᠭ᠋ᠤᠯ ᠢᠶᠠᠷ ᠬᠢᠴᠢᠶᠡᠯᠯᠡᠭᠦ ᠪᠠᠷ ᠭᠤᠤᠯᠯᠠᠭᠤᠯᠵᠦ ᠬᠢᠳᠠᠳ ᠬᠡᠯᠡ ᠶᠢ ᠨᠡᠮᠡᠵᠦ ᠰᠤᠷᠴᠤ ᠪᠠᠶᠢᠭ᠎ᠠ ᠦᠨᠳᠦᠰᠦᠳᠡᠨ ᠤ ᠰᠤᠷᠭᠠᠭᠤᠯᠢ ᠶᠢᠨ ᠰᠤᠷᠤᠬᠴᠢ ᠳᠤ《ᠲᠤᠮᠳᠠᠳᠤ ᠤᠯᠤᠰ ᠤᠨ ᠴᠦᠭᠡᠨ ᠲᠤᠭᠠᠳᠤ ᠦᠨᠳᠦᠰᠦᠳᠡᠨ ᠤ ᠬᠢᠳᠠᠳ ᠬᠡᠯᠡᠨ ᠤ ᠲᠦᠪᠰᠢᠨ ᠤ ᠲᠡᠰ ᠤᠨ ᠰᠢᠯᠭᠠᠯᠳᠠ》 ᠶᠢᠨ ᠲᠦᠷᠢᠮ ᠢ ᠬᠡᠷᠡᠭᠵᠢᠭᠦᠯᠵᠦ᠂ ᠬᠢᠳᠠᠳ ᠢᠶᠠᠷ ᠬᠢᠴᠢᠶᠡᠯᠯᠡᠭᠦ ᠪᠠᠷ ᠭᠤᠤᠯᠯᠠᠭᠤᠯᠵᠦ ᠮᠤᠩᠭ᠋ᠤᠯ ᠬᠡᠯᠡ ᠶᠢ ᠨᠡᠮᠡᠵᠦ ᠰᠤᠷᠴᠤ ᠪᠠᠶᠢᠭ᠎ᠠ ᠦᠨᠳᠦᠰᠦᠳᠡᠨ ᠤ ᠰᠤᠷᠭᠠᠭᠤᠯᠢ ᠪᠠ ᠮᠤᠩᠭ᠋ᠤᠯ ᠬᠡᠯᠡᠡ ᠤ ᠰᠤᠩᠭᠤᠨ ᠰᠤᠷᠬᠤ ᠬᠢᠴᠢᠶᠡᠯ ᠨᠡᠭᠡᠭᠡᠵᠦ ᠪᠠᠶᠢᠭ᠎ᠠ ᠡᠩ ᠤᠨ ᠰᠤᠷᠭᠠᠭᠤᠯᠢ ᠶᠢᠨ ᠰᠤᠷᠤᠬᠴᠢ ᠳᠤ《ᠮᠤᠩᠭ᠋ᠤᠯ ᠬᠡᠯᠡᠨ ᠤ ᠬᠡᠷᠡᠭᠯᠡᠭᠡᠨ ᠤ ᠲᠦᠪᠰᠢᠨ ᠤ ᠲᠡᠰ ᠤᠨ ᠰᠢᠯᠭᠠᠯᠳᠠ》 ᠶᠢᠨ ᠲᠦᠷᠢᠮ ᠢ ᠬᠡᠷᠡᠭᠵᠢᠭᠦᠯᠦᠨ᠎ᠠ᠃

    ★ᠦᠨᠳᠦᠰᠦᠳᠡᠨ ᠤ ᠰᠤᠷᠭᠠᠭᠤᠯᠢ ᠶᠢᠨ ᠪᠠᠭᠰᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ ᠲᠡᠭᠡᠳᠦ ᠲᠡᠰ ᠤᠨ ᠠᠵᠢᠯ ᠤᠨ ᠪᠠᠶᠢᠷᠢ ᠶᠢᠨ ᠬᠠᠷᠢᠴᠠᠯ ᠢ ᠠᠳᠠᠯᠢ ᠲᠡᠰ ᠤᠨ ᠠᠳᠠᠯᠢ ᠲᠦᠷᠦᠯ ᠤᠨ ᠪᠤᠰᠤᠳ ᠰᠤᠷᠭᠠᠭᠤᠯᠢ ᠠᠴᠠ ᠦᠨᠳᠤᠷ ᠪᠠᠶᠢᠯᠭᠠᠨ᠎ᠠ᠃

    ★ᠦᠪᠡᠷᠳᠡᠭᠡᠨ ᠵᠠᠰᠠᠬᠤ ᠤᠷᠤᠨ ᠠᠴᠠ ᠦᠨᠳᠦᠰᠦᠳᠡᠨ ᠤ ᠪᠠᠭᠰᠢ ᠶᠢᠨ ᠰᠤᠷᠭᠠᠭᠤᠯᠢ ᠪᠠ ᠦᠨᠳᠦᠰᠦᠳᠡᠨ ᠤ ᠪᠠᠭᠰᠢ ᠶᠢᠨ ᠪᠤᠯᠪᠠᠰᠤᠷᠠᠯ ᠤᠨ ᠰᠠᠭᠤᠷᠢᠨ ᠤ ᠪᠠᠶᠢᠭᠤᠯᠤᠯᠳᠠ ᠶᠢ ᠬᠦᠭ᠍ᠵᠢᠭᠦᠯᠭᠦ ᠶᠢ ᠤᠷᠢᠳᠠᠪᠠᠷ ᠪᠠᠳᠤᠯᠠᠨ᠎ᠠ᠃

    ★ᠦᠨᠳᠦᠰᠦᠳᠡᠨ ᠤ ᠪᠠᠭᠰᠢ ᠶᠢᠨ ᠰᠤᠷᠭᠠᠭᠤᠯᠢ ᠪᠤᠳᠠᠳᠤ ᠬᠡᠷᠡᠭᠴᠡᠭᠡ ᠪᠠᠨ ᠦᠨᠳᠦᠰᠦᠯᠡᠵᠦ᠂ ᠬᠢᠯᠢ ᠬᠢᠵᠠᠭᠠᠷ ᠤᠨ ᠶᠠᠳᠠᠭᠤ ᠬᠤᠴᠤᠷᠤᠩᠭᠤᠢ ᠴᠦᠭᠡᠨ ᠲᠤᠭᠠᠳᠤ ᠦᠨᠳᠦᠰᠦᠳᠡᠨ ᠤ ᠭᠠᠵᠠᠷ ᠤᠷᠤᠨ ᠠᠴᠠ ᠰᠦᠢᠳᠭᠡᠯ ᠬᠤᠷᠢᠶᠠᠬᠤ ᠦᠭᠡᠢ ᠪᠠᠷ ᠪᠠᠭᠰᠢ ᠶᠢᠨ ᠰᠤᠷᠭᠠᠭᠤᠯᠢ ᠶᠢᠨ ᠰᠤᠷᠤᠬᠴᠢ ᠶᠢ ᠲᠤᠬᠳᠠᠬᠰᠠᠨ ᠴᠢᠭᠯᠡᠯ ᠢᠶᠠᠷ ᠬᠦᠮᠦᠵᠢᠭᠦᠯᠦᠨ᠎ᠠ᠃

    ★ᠡᠯ᠎ᠠ ᠦᠨᠳᠦᠰᠦᠳᠡᠨ ᠤ ᠰᠢᠯᠢᠳᠡᠭ ᠪᠠᠭᠰᠢ ᠪᠠ ᠲᠤᠰᠢᠶᠠᠯ ᠳᠤ ᠭᠠᠷᠬᠤ ᠨᠦᠭᠦᠴᠡᠯ ᠳᠤ ᠨᠡᠶᠢᠴᠡᠭᠦ ᠡᠯ᠎ᠠ ᠦᠨᠳᠦᠰᠦᠳᠡᠨ ᠤ ᠰᠢᠯᠢᠳᠡᠭ ᠤᠶᠤᠳᠠᠨ ᠤ ᠦᠨᠳᠦᠰᠦᠳᠡᠨ ᠤ ᠰᠤᠷᠭᠠᠭᠤᠯᠢ ᠳᠤ ᠤᠴᠢᠵᠦ ᠪᠠᠭᠰᠢᠯᠠᠵᠦ᠂ ᠰᠤᠷᠭᠠᠨ ᠬᠦᠮᠦᠵᠢᠯ ᠢ ᠲᠡᠮᠵᠢᠭᠦ ᠶᠢ ᠵᠤᠷᠢᠬᠵᠢᠭᠤᠯᠤᠨ᠎ᠠ᠃

    ★ᠦᠪᠡᠷᠳᠡᠭᠡᠨ ᠵᠠᠰᠠᠬᠤ ᠤᠷᠤᠨ ᠠᠴᠠ ᠴᠦᠭᠡᠨ ᠲᠤᠭᠠᠳᠤ ᠦᠨᠳᠦᠰᠦᠳᠡᠨ ᠤ ᠲᠡᠭᠦᠰᠦᠭᠰᠡᠳ ᠲᠤ ᠰᠤᠷᠭᠠᠭᠤᠯᠢ ᠲᠡᠪᠰᠢᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠭᠡᠷᠡᠭᠵᠢᠭᠦᠯᠦᠨ᠎ᠠ᠃

    ★ᠤᠷᠤᠨ ᠤ ᠲᠤᠳᠤᠨ᠎ᠠ ᠭᠠᠳᠠᠨᠠᠭᠢ ᠶᠡᠭᠡ ᠲᠡᠭᠡᠳᠤ ᠰᠤᠷᠭᠠᠭᠤᠯᠢ ᠳᠤ ᠮᠡᠳᠡᠭᠦᠯᠦᠨ ᠰᠢᠯᠭᠠᠬᠰᠠᠨ ᠮᠤᠩᠭ᠋ᠤᠯ᠂ ᠤᠷᠴᠤᠨ᠂ ᠡᠸᠡᠩᠭᠢ᠂ ᠲᠠᠭᠤᠷ ᠦᠨᠳᠦᠰᠦᠳᠡᠨ ᠤ ᠰᠢᠯᠭᠠᠭᠤᠯᠤᠬᠴᠢ ᠳᠤ ᠬᠤᠪᠢ ᠨᠡᠮᠡᠵᠦ ᠡᠯᠰᠡᠭᠦ ᠲᠦᠷᠦ ᠶᠢᠨ ᠪᠤᠳᠤᠯᠭ᠎ᠠ ᠬᠡᠷᠡᠭᠵᠢᠭᠦᠯᠦᠨ᠎ᠠ᠃ ᠪᠤᠰᠤᠳ ᠴᠦᠭᠡᠨ ᠲᠤᠭᠠᠳᠤ ᠦᠨᠳᠦᠰᠦᠳᠡᠨ ᠤ ᠰᠢᠯᠭᠠᠭᠤᠯᠤᠬᠴᠢ ᠳᠤ ᠠᠳᠠᠯᠢ ᠨᠦᠭᠦᠴᠡᠯ ᠲᠤᠤᠷ᠎ᠠ ᠤᠷᠢᠳᠠᠪᠠᠷ ᠡᠯᠰᠡᠭᠦ ᠲᠦᠷᠦ ᠶᠢᠨ ᠪᠤᠳᠤᠯᠭ᠎ᠠ ᠬᠡᠷᠡᠭᠵᠢᠭᠦᠯᠦᠨ᠎ᠠ᠃

    ★ᠦᠪᠡᠷᠳᠡᠭᠡᠨ ᠵᠠᠰᠠᠬᠤ ᠤᠷᠤᠨ ᠠᠴᠠ ᠤᠷᠤᠨ ᠤ ᠲᠤᠳᠤᠭᠠᠳᠤ ᠶᠢᠨ ᠶᠡᠭᠡ ᠲᠡᠭᠡᠳᠤ ᠰᠤᠷᠭᠠᠭᠤᠯᠢ ᠳᠤ ᠰᠢᠯᠭᠠᠵᠦ ᠤᠷᠤᠬᠰᠠᠨ ᠮᠤᠩᠭ᠋ᠤᠯ ᠢᠶᠠᠷ ᠬᠢᠴᠢᠶᠡᠯᠯᠡᠭᠦ ᠪᠠᠷ ᠭᠤᠤᠯᠯᠠᠬᠰᠠᠨ ᠨᠡᠮᠡᠵᠦ ᠬᠢᠴᠢᠶᠡᠯᠯᠡᠭᠦ ᠬᠢᠳᠠᠳ ᠰᠤᠷᠤᠬᠴᠢ ᠳᠤ ᠰᠤᠷᠤᠯᠭ᠎ᠠ ᠶᠢᠨ ᠰᠦᠢᠳᠭᠡᠯ ᠢ ᠨᠢ 20%᠎ ᠪᠡᠷ ᠪᠠᠭᠤᠷᠠᠭᠤᠯᠵᠦ᠂ ᠬᠡᠷᠡᠭᠰᠡᠭᠦ ᠪᠡᠯᠡᠨ ᠮᠦᠩᠬᠦ ᠶᠢ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠬ ᠠᠴᠠ ᠲᠠᠭᠠᠭᠠᠴᠢᠯᠠᠨ᠎ᠠ᠃

    ★ᠴᠦᠭᠡᠨ ᠲᠤᠭᠠᠳᠤ ᠦᠨᠳᠦᠰᠦᠳᠡᠨ ᠤ ᠪᠡᠯᠡᠳᠭᠡᠯ ᠠᠩᠭᠢ ᠶᠢᠨ ᠰᠤᠷᠤᠬᠴᠢ ᠳᠤ ᠵᠠᠰᠠᠬ ᠤᠨ ᠤᠷᠳᠤᠨ ᠠᠴᠠ ᠬᠦᠦ ᠮᠦᠩᠬᠦ ᠶᠢ ᠨᠢ ᠣᠷᠣᠯᠠᠨ ᠦᠭ᠍ᠭᠦ ᠰᠤᠷᠤᠬᠴᠢ ᠶᠢᠨ ᠢᠷᠡᠯᠳᠡ ᠶᠢᠨ ᠵᠢᠭᠡᠯᠡᠯᠭᠡ ᠶᠢᠨ ᠬᠠᠷᠠᠭᠠᠯᠵᠠᠯ ᠢ ᠬᠦᠷᠳᠡᠭᠡᠨ᠎ᠠ᠃ ᠭᠡᠷ ᠤᠨ ᠠᠮᠢᠳᠣᠷᠠᠯ ᠨᠢ ᠬᠦᠴᠢᠷᠳᠠᠯ ᠲᠠᠢ᠂ ᠰᠤᠷᠤᠯᠭ᠎ᠠ ᠮᠤᠷᠠᠯ ᠬᠤᠤᠰᠯᠠᠬᠰᠠᠨ ᠴᠦᠭᠡᠨ ᠲᠤᠭᠠᠳᠤ ᠦᠨᠳᠦᠰᠦᠳᠡᠨ ᠤ ᠰᠢᠯᠢᠳᠡᠭ ᠰᠤᠷᠤᠬᠴᠢ ᠳᠤ ᠤᠯᠤᠰ ᠪᠠ ᠦᠪᠡᠷᠳᠡᠭᠡᠨ ᠵᠠᠰᠠᠬᠤ ᠤᠷᠤᠨ ᠤ ᠡᠯ᠎ᠠ ᠵᠦᠢᠯ ᠤᠨ ᠰᠤᠷᠤᠯᠭ᠎ᠠ ᠶᠢᠨ ᠳᠣᠰᠠᠯᠠᠮᠵᠢ ᠶᠢᠨ ᠮᠦᠩᠬᠦ ᠶᠢ ᠤᠷᠢᠳᠠᠪᠠᠷ ᠡᠳ᠋ᠯᠡᠭᠦᠯᠦᠨ᠎ᠠ᠃

    ᠮᠠᠨ ᠤ ᠣᠷᠣᠨ ᠤ ᠦᠨᠳᠦᠰᠦᠳᠡᠨ ᠤ ᠰᠣᠷᠭᠠᠨ ᠬᠦᠮᠦᠵᠢᠯ ᠤᠨ ᠤᠳᠤᠬᠢ ᠪᠠᠶᠢᠳᠠᠯ

    《ᠠᠷᠪᠠᠨ ᠬᠤᠶᠠᠳᠤᠭᠠᠷ ᠲᠠᠪᠤᠨ ᠵᠢᠯ》 ᠤᠨ ᠬᠤᠭᠤᠴᠠᠭᠠᠨ ᠳᠤ ᠦᠪᠤᠷ ᠮᠤᠩᠭ᠋ᠤᠯ ᠤᠨ ᠦᠨᠳᠦᠰᠦᠳᠡᠨ ᠤ ᠰᠤᠷᠭᠠᠨ ᠬᠦᠮᠦᠵᠢᠯ ᠤᠷᠢᠳᠠᠪᠠᠷ ᠭᠤᠤᠯᠳᠠᠯᠭ᠎ᠠ ᠲᠠᠢ ᠬᠦᠭ᠍ᠵᠢᠬᠦ ᠲᠤᠬᠢᠶᠠᠯ ᠤᠯᠵᠦ᠂ ᠦᠨᠳᠦᠰᠦᠳᠡᠨ ᠤ ᠰᠤᠷᠭᠠᠨ ᠬᠦᠮᠦᠵᠢᠯ ᠤᠨ ᠦᠭᠡᠷᠡᠴᠢᠯᠠᠯᠳᠠ ᠬᠦᠭ᠍ᠵᠢᠯᠳᠠ ᠶᠢ ᠲᠤᠬᠳᠠᠭᠤᠨ ᠢᠶᠠᠷ ᠠᠬᠢᠭᠤᠯᠪᠠ᠃ ᠤᠳᠤᠬᠠᠨ ᠳᠤ ᠦᠪᠤᠷ ᠮᠤᠩᠭ᠋ᠤᠯ ᠤᠨ ᠴᠦᠭᠡᠨ ᠲᠤᠭᠠᠳᠤ ᠦᠨᠳᠦᠰᠦᠳᠡᠨ ᠤ ᠰᠤᠷᠭᠠᠭᠤᠯᠢ ᠳᠤ ᠪᠠᠶᠢᠭ᠎ᠠ ᠰᠤᠷᠤᠬᠴᠢ ᠶᠢᠨ ᠬᠠᠷᠢᠴᠠᠯ ᠨᠢ ᠬᠦᠮᠦᠨ ᠠᠮᠠ ᠶᠢᠨ ᠡᠵᠡᠯᠡᠵᠦ ᠪᠠᠶᠢᠭ᠎ᠠ ᠬᠠᠷᠢᠴᠠᠯ ᠠᠴᠠ ᠲᠠᠪᠠᠵᠦ᠂ ᠦᠨᠳᠦᠰᠦᠳᠡᠨ ᠤ ᠰᠤᠷᠭᠠᠨ ᠬᠦᠮᠦᠵᠢᠯ ᠤᠨ ᠡᠯ᠎ᠠ ᠵᠦᠢᠯ ᠤᠨ ᠭᠤᠤᠯ ᠪᠤᠯᠬᠤ ᠭᠦᠢᠴᠡᠳᠭᠡᠬᠦ ᠲᠤᠭ᠎ᠠ ᠪᠦᠭᠦ ᠤᠷᠤᠨ ᠤ ᠳᠣᠮᠳᠠᠴᠢ ᠲᠦᠪᠰᠢᠨ ᠠᠴᠠ ᠦᠨᠳᠦᠷ ᠪᠤᠯᠵᠦ᠂ ᠴᠦᠭᠡᠨ ᠲᠤᠭᠠᠳᠤ ᠦᠨᠳᠦᠰᠦᠳᠡᠨ ᠤ ᠬᠦᠮᠦᠨ ᠠᠮᠠ ᠶᠢᠨ ᠰᠤᠷᠭᠠᠨ ᠬᠦᠮᠦᠵᠢᠯ ᠬᠦᠷᠳᠡᠭᠰᠡᠨ ᠬᠡᠪᠴᠢᠶ᠎ᠠ ᠪᠠ ᠬᠡᠮᠵᠢᠶ᠎ᠠ ᠲᠡᠤᠭᠡ ᠶᠢᠨ ᠰᠢᠨ᠎ᠠ ᠲᠡᠮᠳᠡᠭᠯᠡᠯ ᠢ ᠡᠭᠦᠳᠪᠡ᠃

    《ᠠᠷᠪᠠᠨ ᠬᠤᠶᠠᠳᠤᠭᠠᠷ ᠲᠠᠪᠤᠨ ᠵᠢᠯ》 ᠤᠨ ᠬᠤᠭᠤᠴᠠᠭᠠᠨ ᠳᠤ ᠪᠦᠭᠦ ᠤᠷᠤᠨ ᠳᠤ ᠦᠨᠳᠦᠰᠦᠳᠡᠨ ᠤ ᠬᠡᠤᠭᠡᠳ ᠤᠨ ᠴᠡᠴᠡᠷᠯᠢᠭ 362 ᠪᠠᠶᠢᠬᠤ ᠪᠤᠯᠵᠦ᠂ ᠴᠡᠴᠡᠷᠯᠢᠭ ᠲᠤ ᠰᠠᠭᠤᠭ᠎ᠠ ᠬᠡᠤᠭᠡᠳ 7.9 ᠲᠦᠮᠡ ᠳᠤ ᠬᠦᠷᠪᠡ᠃ ᠡᠭᠦᠨ ᠳᠤ᠂ ᠮᠤᠩᠭ᠋ᠤᠯ ᠬᠢᠳᠠᠳ ᠬᠤᠤᠰ ᠬᠡᠯᠡ ᠪᠠᠷ ᠵᠢᠭᠠᠨ ᠰᠤᠷᠭᠠᠬᠤ ᠦᠨᠳᠦᠰᠦᠳᠡᠨ ᠤ ᠭᠡᠤᠭᠡᠳ ᠤᠨ ᠴᠡᠴᠡᠷᠯᠢᠭ 316 ᠰᠠᠭᠤᠷᠢ᠂ ᠴᠡᠴᠡᠷᠯᠢᠭ᠌᠌ ᠲᠤ ᠰᠠᠭᠤᠭ᠎ᠠ ᠬᠡᠤᠭᠡᠳ 5.1 ᠲᠦᠮᠡ ᠪᠤᠢ᠃ ᠮᠤᠩᠭ᠋ᠤᠯ ᠦᠨᠳᠦᠰᠦᠳᠡᠨ ᠲᠦᠪᠯᠡᠷᠡᠨ ᠰᠠᠭᠤᠬᠰᠠᠨ ᠭᠠᠵᠠᠷ ᠤᠷᠤᠨ ᠳᠤ ᠦᠨᠳᠦᠰᠦᠨ ᠳᠡᠭᠡᠨ ᠰᠤᠷᠭᠠᠭᠤᠯᠢ ᠶᠢᠨ ᠨᠠᠰᠤᠨ ᠠᠴᠠ ᠡᠮᠦᠨ᠎ᠡ ᠮᠤᠩᠭ᠋ᠤᠯ ᠬᠢᠳᠠᠳ ᠬᠤᠤᠰ ᠬᠡᠯᠡ ᠪᠠᠷ ᠵᠢᠭᠠᠨ ᠰᠤᠷᠭᠠᠬᠤ ᠶᠢ ᠪᠡᠶᠡᠯᠡᠭᠦᠯᠪᠡ᠃ ᠪᠦᠭᠦ ᠤᠷᠤᠨ ᠳᠤ ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ 520 ᠪᠠᠶᠢᠬᠤ ᠪᠤᠯᠵᠦ᠂ ᠰᠤᠷᠭᠠᠭᠤᠯᠢ ᠳᠤ ᠰᠠᠭᠤᠭ᠎ᠠ ᠰᠤᠷᠤᠬᠴᠢ ᠨᠢ 35.5 ᠲᠦᠮᠡ ᠬᠦᠷᠪᠡ᠃ ᠪᠦᠭᠦ ᠤᠷᠤᠨ ᠳᠤ 57 ᠡᠩ ᠤᠨ ᠶᠡᠭᠡ ᠲᠡᠭᠡᠳᠤ ᠰᠤᠷᠭᠠᠭᠤᠯᠢ ᠲᠠᠢ ᠪᠣᠯᠵᠣ᠂ ᠲᠡᠭᠦᠨ ᠤ 36 ᠨᠢ 104 ᠮᠤᠩᠭ᠋ᠤᠯ ᠬᠢᠳᠠᠳ ᠬᠤᠤᠰ ᠬᠡᠯᠡᠨ ᠤ ᠲᠤᠰᠬᠠᠢ ᠮᠡᠷᠭᠡᠵᠢᠯ ᠪᠠ ᠦᠨᠳᠦᠰᠦᠳᠡᠨ ᠤ ᠪᠡᠯᠡᠳᠭᠡᠯ ᠠᠩᠭᠢ ᠨᠡᠭᠡᠭᠡᠵᠦ᠂ ᠰᠤᠷᠤᠬᠴᠢ ᠶᠢᠨ ᠲᠤᠭ᠎ᠠ ᠨᠢ 5.79 ᠲᠦᠮᠡ ᠬᠦᠷᠴᠤ ᠪᠤᠢ᠃ ᠪᠦᠭᠦ ᠤᠷᠤᠨ ᠳᠤ ᠤᠳᠤ ᠮᠤᠩᠭ᠋ᠤᠯ ᠬᠢᠳᠠᠳ ᠬᠤᠤᠰ ᠬᠡᠯᠡ ᠪᠠᠷ ᠬᠢᠴᠢᠶᠡᠯᠯᠡᠵᠦ ᠪᠠᠶᠢᠭ᠎ᠠ ᠲᠤᠮᠳᠠᠳᠤ ᠪᠠᠭ᠎ᠠ ᠰᠤᠷᠭᠠᠭᠤᠯᠢ ᠪᠠ ᠴᠡᠴᠡᠷᠯᠢᠭ᠌᠌ ᠤᠨ ᠪᠠᠭᠰᠢ 2.64 ᠲᠦᠮᠡᠨ ᠬᠦᠮᠦᠨ ᠪᠤᠯᠵᠦ᠂ ᠡᠩ ᠤᠨ ᠶᠡᠭᠡ ᠲᠡᠭᠡᠳᠤ ᠰᠤᠷᠭᠠᠭᠤᠯᠢ ᠶᠢᠨ ᠴᠦᠭᠡᠨ ᠲᠤᠭᠠᠳᠤ ᠦᠨᠳᠦᠰᠦᠳᠡᠨ ᠤ ᠪᠠᠭᠰᠢ 0.76 ᠲᠦᠮᠡᠨ ᠬᠦᠮᠦᠨ ᠪᠤᠯᠵᠦ᠂ ᠪᠠᠭᠰᠢ ᠶᠢᠨ ᠰᠤᠷᠤᠯᠭ᠎ᠠ ᠶᠢᠨ ᠨᠠᠮᠳᠠᠷ ᠤᠨ ᠬᠢᠷᠢ ᠲᠡᠩᠴᠡᠭᠰᠡᠨ ᠨᠤᠷᠮ᠎ᠠ ᠪᠠ ᠪᠠᠭᠰᠢ ᠶᠢᠨ ᠡᠷᠳᠡᠮ ᠤᠨ ᠴᠤᠯᠠ ᠶᠢᠨ ᠪᠦᠲᠦᠴᠡ ᠴᠦᠮ ᠪᠦᠭᠦ ᠤᠯᠤᠰ ᠤᠨ ᠳᠣᠮᠳᠠᠴᠢ ᠲᠦᠪᠰᠢᠨ ᠠᠴᠠ ᠦᠨᠳᠤᠷ ᠪᠤᠯᠪᠠ᠃

    ᠳᠦᠷᠢᠮ》 ᠢ ᠳᠣᠭᠳᠠᠭᠠᠬᠤ ᠶᠢᠨ ᠴᠢᠬᠤᠯᠠ ᠴᠢᠨᠠᠷ

    《ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠣᠷᠣᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ》 ᠢ ᠲᠤᠬᠳᠠᠭᠠᠬᠤ ᠪᠤᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠷᠠᠳᠣᠬᠰᠠᠨ ᠬᠠᠤᠯᠢ ᠲᠤᠬᠳᠠᠭᠠᠬᠤ ᠴᠢᠬᠤᠯᠠ ᠡᠭᠦᠷᠭᠡ ᠪᠣᠯᠬᠤ ᠪᠦᠭᠡᠳ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠨᠡ ᠵᠢᠯ ᠤᠨ ᠬᠠᠤᠯᠢ ᠲᠤᠬᠳᠠᠭᠠᠬᠤ ᠠᠵᠢᠯ ᠤᠨ ᠭᠤᠤᠯᠳᠠᠯᠭ᠎ᠠ ᠶᠢᠨ ᠨᠢᠭᠡ ᠪᠣᠯᠣᠨ᠎ᠠ᠃ ᠲᠤᠰ ᠬᠠᠤᠯᠢ ᠳᠣᠭᠳᠠᠭᠠᠯ ᠨᠢ ᠲᠦᠷᠦ ᠶᠢᠨ ᠪᠤᠳᠤᠯᠭᠠᠳᠣ ᠴᠢᠨᠠᠷ ᠪᠠ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠪᠦᠭᠡᠳ ᠲᠦᠷᠢᠮ ᠤᠨ ᠪᠤᠢ ᠪᠤᠯᠤᠬᠰᠠᠨ ᠶᠠᠪᠤᠴᠠ ᠨᠢ ᠨᠡᠶᠢᠭᠡᠮ ᠤᠨ ᠡᠯ᠎ᠠ ᠡᠳᠡᠭᠡᠳ ᠤᠨ ᠠᠩᠬᠠᠷᠤᠯ ᠢ ᠶᠡᠬᠡᠳᠡ ᠳᠠᠳᠠᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠠᠴᠠ ᠪᠠᠨ ᠡᠭᠦᠰᠦᠨ ᠬᠠᠤᠯᠢ ᠲᠤᠬᠳᠠᠭᠠᠬᠤ ᠶᠠᠪᠤᠴᠠ ᠶᠢ ᠲᠦᠪ ᠬᠢᠨᠠᠮᠠᠭᠠᠢ ᠪᠠᠷ ᠠᠳᠬᠤᠵᠦ᠂ ᠬᠦᠢᠴᠡᠳ ᠪᠠᠶᠢᠴᠠᠭᠠᠨ ᠰᠤᠳᠤᠯᠤᠨ ᠨᠤᠳᠠᠯᠠᠯᠳᠠ ᠬᠢᠵᠦ᠂ ᠦᠷᠭᠡᠨ ᠢᠶᠠᠷ ᠰᠠᠨᠠᠯ ᠬᠤᠷᠢᠶᠠᠨ᠂ ᠲᠠᠬᠢᠨ ᠲᠠᠪᠳᠠᠨ ᠵᠠᠰᠠᠪᠤᠷᠢ ᠤᠷᠤᠭᠤᠯᠵᠦ ᠳᠡᠭᠦᠯᠳᠡᠷᠵᠢᠭᠦᠯᠦᠭᠰᠡᠨ ᠪᠠᠶᠢᠨ᠎ᠠ᠃

    《ᠳᠦᠷᠢᠮ》 ᠢ ᠳᠣᠭᠳᠠᠭᠠᠭᠰᠠᠨ 10 ᠵᠢᠯ ᠤᠨ ᠠᠶᠠᠨ

    ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠲᠦᠷᠭᠡᠨ ᠬᠦᠭ᠍ᠵᠢᠯᠳᠠ ᠶᠢ ᠲᠠᠭᠠᠯᠳᠣᠨ᠂ ᠮᠠᠨ ᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠴᠦ ᠰᠢᠨ᠎ᠠ ᠠᠵᠠ ᠲᠤᠬᠢᠶᠠᠯ ᠪᠠ ᠦᠷᠢᠰᠦᠯᠳᠦᠭᠡᠨ ᠳᠤ ᠲᠤᠯᠭᠠᠷᠠᠵᠤ᠂ ᠲᠦᠷᠢᠮ ᠤᠨ ᠲᠠᠯ᠎ᠠ ᠠᠴᠠ ᠵᠢᠷᠣᠮᠵᠢᠭᠤᠯᠵᠣ ᠪᠠᠳᠤᠯᠠᠬᠤ ᠴᠢᠬᠤᠯᠠ ᠲᠠᠢ ᠪᠤᠯᠵᠤ᠂ ᠮᠡᠨ ᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠡᠷᠡᠭᠦᠯ ᠢᠶᠠᠷ ᠬᠦᠭ᠍ᠵᠢᠬᠦ ᠶᠢ ᠠᠬᠢᠭᠤᠯᠬᠤ ᠳᠤ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ ᠢ ᠲᠤᠬᠳᠠᠭᠠᠬᠤ ᠨᠢ ᠲᠤᠯᠭᠠᠮ᠎ᠠ ᠱᠠᠭᠠᠷᠳᠠᠯᠭ᠎ᠠ ᠪᠤᠯᠵᠠᠢ᠃ ᠡᠶᠢᠨᠭᠦ ᠦᠪᠡᠷᠳᠡᠬᠡᠨ ᠵᠠᠰᠠᠬᠤ ᠤᠷᠤᠨ ᠠᠴᠠ ᠦᠨᠳᠦᠰᠦᠳᠡᠨ ᠤ ᠰᠤᠷᠭᠠᠨ ᠬᠦᠮᠦᠵᠢᠯ ᠤᠨ ᠬᠠᠤᠯᠢ ᠲᠤᠬᠳᠠᠭᠠᠬᠤ ᠠᠵᠢᠯ ᠢ 2005 ᠤᠨ ᠠᠴᠠ ᠡᠬᠢᠯᠡᠨ ᠭᠠᠷᠳᠠᠨ ᠬᠢᠵᠦ᠂ 2006 ᠤᠨ ᠳᠤ ᠠᠩᠬᠠᠨ ᠤ ᠨᠤᠤᠷᠠᠬ ᠢ ᠳᠣᠭᠤᠷᠪᠢᠪᠠ᠃ 2015 ᠤᠨ ᠤ 7 ᠰᠠᠷ᠎ᠠ ᠳᠤ᠂ ᠦᠪᠡᠷᠳᠡᠭᠡᠨ ᠵᠠᠰᠠᠬᠤ ᠤᠷᠤᠨ ᠠᠴᠠ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ ᠢ ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠤᠨ ᠬᠢᠨᠠᠨ ᠵᠦᠪᠯᠡᠭᠦ ᠲᠦᠷᠦᠯ ᠵᠦᠢᠯ ᠳᠤ ᠨᠡᠮᠡᠨ ᠤᠷᠤᠭᠤᠯᠵᠦ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ ᠠᠴᠠ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠢ ᠤᠷᠤᠯᠠᠨ《ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮᠬᠢᠨᠠᠨ ᠵᠦᠪᠯᠡᠭᠦᠯᠬᠦ ᠪᠠᠷ ᠲᠡᠪᠰᠢᠭᠦᠯᠭᠦ ᠨᠤᠤᠷᠠᠬ) ᠢ ᠨᠤᠤᠷᠠᠬᠯᠠᠪᠠ᠃ ᠦᠪᠡᠷᠳᠡᠭᠡᠨ ᠵᠠᠰᠠᠬᠤ ᠤᠷᠤᠨ ᠤ ᠬᠠᠤᠯᠢ ᠲᠦᠷᠢᠮ ᠤᠨ ᠠᠯᠪᠠᠨ ᠭᠡᠷ ᠬᠠᠤᠯᠢ ᠲᠤᠬᠳᠠᠭᠠᠬᠤ ᠶᠠᠪᠤᠴᠠ ᠶᠢ ᠦᠨᠳᠦᠰᠦᠯᠡᠨ ᠰᠤᠷᠭᠠᠨ ᠬᠦᠮᠦᠵᠢᠯ ᠤᠨ ᠲᠢᠩᠭᠢᠮ ᠲᠠᠢ ᠬᠠᠮᠳᠤ ᠬᠢᠨᠠᠨ ᠵᠦᠪᠯᠡᠭᠦᠯᠭᠦ ᠪᠠᠷ ᠲᠡᠪᠰᠢᠭᠦᠯᠭᠦ ᠨᠤᠤᠷᠠᠬ ᠲᠤ ᠨᠠᠷᠢᠨ ᠨᠢᠮᠪᠠᠢ ᠵᠠᠰᠠᠪᠤᠷᠢ ᠤᠷᠤᠭᠤᠯᠵᠦ᠂ ᠲᠤᠰᠬᠠᠢ ᠮᠡᠷᠭᠡᠵᠢᠯᠳᠡᠨ ᠢ ᠵᠣᠬᠢᠶᠠᠨ ᠪᠠᠶᠢᠭᠤᠯᠣᠨ 3 ᠣᠳᠠᠭ᠎ᠠ ᠨᠤᠳᠠᠯᠠᠬᠤ ᠬᠤᠷᠠᠯ ᠬᠤᠷᠠᠯᠳᠤᠭᠤᠯᠤᠨ 16 ᠤᠳᠠᠭ᠎ᠠ ᠵᠠᠰᠠᠪᠤᠷᠢ ᠤᠷᠤᠭᠤᠯᠵᠦ᠂ ᠰᠠᠨᠠᠯ ᠬᠤᠷᠢᠶᠠᠬᠤ ᠨᠣᠣᠷᠠᠭ ᠪᠤᠯᠭᠠᠬᠰᠠᠨ ᠤ ᠲᠠᠷᠠᠭ᠎ᠠ ᠡᠯ᠎ᠡ ᠠᠶᠢᠮᠠᠭ ᠬᠤᠳᠠ᠂ ᠬᠠᠮᠢᠶ᠎ᠠ ᠪᠦᠭᠦᠢ ᠪᠠᠶᠢᠭᠤᠯᠭ᠎ᠠ ᠨᠢᠭᠡᠴᠡ᠂ ᠲᠤᠰᠬᠠᠢ ᠮᠡᠷᠭᠡᠵᠢᠯᠳᠡᠳ ᠠᠴᠠ ᠦᠷᠭᠡᠨ ᠢᠶᠠᠷ ᠰᠠᠨᠠᠯ ᠬᠤᠷᠢᠶᠠᠪᠠ᠃ ᠤᠯᠠᠨ ᠤᠳᠠᠭ᠎ᠠ ᠰᠠᠨᠠᠯ ᠬᠤᠷᠢᠶᠠᠬᠤ᠂ ᠵᠤᠬᠢᠴᠠᠭᠤᠯᠬᠤ᠂ ᠵᠠᠰᠠᠪᠤᠷᠢ ᠤᠷᠤᠭᠤᠯᠬᠤ ᠶᠠᠪᠤᠴᠠ ᠶᠢ ᠦᠩᠭᠡᠷᠡᠭᠡᠭ᠍ᠰᠡᠨ ᠪᠠ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠪᠠᠶᠢᠡᠭᠭᠤ ᠶᠢᠨ ᠬᠤᠷᠠᠯ ᠠᠴᠠ ᠶᠠᠷᠢᠯᠴᠠᠨ ᠪᠠᠳᠤᠯᠠᠬᠰᠠᠨ ᠤ ᠲᠠᠷᠠᠭ᠎ᠠ《ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮᠲᠦᠰᠦᠯ) ᠢ ᠪᠦᠷᠢᠯᠳᠦᠭᠦᠯᠵᠦ᠂ ᠦᠪᠡᠷᠳᠡᠭᠡᠨ ᠵᠠᠰᠠᠬᠤ ᠣᠷᠣᠨ ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭᠤ ᠶᠢᠨ ᠬᠤᠷᠢᠶ᠎ᠠ ᠶᠢᠨ ᠬᠤᠷᠠᠯ ᠳᠤ ᠳᠡᠪᠰᠢᠭᠦᠯᠦᠨ ᠬᠢᠨᠠᠨ ᠵᠦᠪᠯᠡᠭᠦᠯᠵᠦ ᠪᠠᠳᠣᠯᠠᠭᠰᠠᠨ ᠪᠠᠶᠢᠨ᠎ᠠ᠃

    《ᠳᠦᠷᠢᠮ》 ᠢ ᠳᠣᠭᠳᠠᠭᠠᠭᠰᠠᠨ ᠠᠴᠢ ᠬᠤᠯᠪᠣᠭᠳᠠᠯ

    ᠲᠤᠰ ᠲᠦᠷᠢᠮ ᠨᠢ ᠶᠡᠷᠦᠩᠭᠡᠢ ᠳᠦᠷᠢᠮ᠂ ᠰᠤᠷᠭᠠᠭᠤᠯᠢ ᠡᠷᠬᠢᠯᠡᠭᠦ ᠬᠡᠯᠪᠡᠷᠢ ᠪᠠ ᠬᠠᠮᠢᠶᠠᠷᠤᠯᠳᠠ᠂ ᠰᠤᠷᠭᠠᠨ ᠬᠦᠮᠦᠵᠢᠯ ᠤᠨ ᠵᠢᠭᠠᠨ ᠰᠤᠷᠭᠠᠯᠳᠠ᠂ ᠪᠠᠭᠰᠢ ᠬᠢᠭᠡᠳ ᠪᠤᠰᠤᠳ ᠰᠤᠷᠭᠠᠨ ᠬᠦᠮᠦᠵᠢᠯ ᠤᠨ ᠠᠵᠢᠯᠳᠠᠨ᠂ ᠰᠢᠨᠵᠢᠯᠡᠭᠦ ᠤᠬᠠᠭᠠᠨ ᠤ ᠰᠤᠳᠤᠯᠭᠠᠨ ᠪᠠ ᠬᠠᠮᠳᠣᠷᠠᠯᠴᠠᠭ᠎ᠠ ᠰᠤᠯᠢᠯᠴᠠᠭ᠎ᠠ᠂ ᠪᠡᠯᠡ ᠤᠷᠤᠭᠤᠯᠤᠯᠳᠠ ᠪᠠ ᠪᠠᠳᠤᠯᠠᠭ᠎ᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠲᠠᠭᠠᠯᠳᠤᠭᠤᠯᠤᠯ ᠳᠦᠷᠢᠮ ᠵᠡᠷᠭᠡ ᠨᠠᠶ᠋ᠮᠠᠨ ᠪᠦᠯᠦᠭ ᠢᠶᠠᠷ ᠪᠦᠷᠢᠯᠳᠤᠵᠠᠢ᠃ ᠲᠡᠷᠡ ᠨᠢ ᠦᠨᠳᠦᠰᠦᠳᠡᠨ ᠤ ᠰᠤᠷᠭᠠᠨ ᠬᠦ᠋ᠮᠦᠵᠢᠯ ᠢ ᠤᠷᠢᠳᠠᠪᠠᠷ ᠭᠤᠤᠯᠳᠠᠯᠭ᠎ᠠ ᠲᠠᠢ ᠬᠦᠭ᠍ᠵᠢᠭᠦᠯᠭᠦ ᠴᠢᠭᠯᠡᠯᠳᠡ ᠶᠢ ᠨᠠᠶᠢᠳᠠᠪᠤᠷᠢᠵᠢᠭᠤᠯᠵᠦ᠂ ᠦᠨᠳᠦᠰᠦᠳᠡᠨ ᠤ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠭᠦ ᠬᠡᠯᠪᠡᠷᠢ ᠪᠠ ᠬᠦᠭ᠍ᠵᠢᠯᠳᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠬᠠᠮᠢᠶᠠᠷᠤᠯᠳᠠ ᠪᠤᠯᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠳᠤ ᠵᠢᠷᠣᠮᠵᠢᠯ ᠬᠠᠩᠭᠠᠵᠤ᠂ ᠴᠦᠭᠡᠨ ᠲᠤᠭᠠᠳᠤ ᠦᠨᠳᠦᠰᠦᠳᠡᠨ ᠤ ᠰᠤᠷᠤᠬᠴᠢ ᠶᠢᠨ ᠰᠤᠶᠤᠯ ᠤᠨ ᠬᠡᠪ ᠪᠣᠯᠪᠠᠰᠣᠷᠠᠯ ᠢ ᠲᠡᠭᠡᠭ᠍ᠰᠢᠯᠡᠭᠦᠯᠤᠨ᠂ ᠴᠦᠭᠡᠨ ᠲᠤᠭᠠᠳᠤ ᠦᠨᠳᠦᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠨ ᠵᠠᠯᠭᠠᠮᠵᠢᠯᠠᠵᠣ᠂ ᠮᠠᠨ ᠤ ᠤᠷᠤᠨ ᠤ ᠠᠵᠦ ᠠᠬᠤᠢ ᠨᠡᠶᠢᠭᠡᠮ ᠤᠨ ᠬᠦᠭ᠍ᠵᠢᠯᠳᠠ ᠶᠢ ᠠᠬᠢᠭᠤᠯᠬᠤ ᠳᠤ ᠴᠢᠬᠤᠯᠠ ᠦᠢᠯᠡᠳᠤᠯ ᠦᠵᠡᠭᠦᠯᠬᠦ ᠪᠣᠯᠣᠨ᠎ᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119742888