蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠲᠠᠪᠤᠳᠤᠭᠠᠷ ᠬᠤᠭᠤᠴᠠᠭᠠᠨ ᠤ ᠤᠳᠬ᠎ᠠ ᠵᠤᠬᠢᠶᠠᠯ ᠰᠤᠳᠤᠯᠬᠤ ᠠᠩᠬᠢ ᠶᠢᠨ ᠵᠤᠬᠢᠶᠠᠯ ᠪᠦᠲᠦᠭᠡᠯ ᠢ ᠰᠤᠳᠤᠯᠤᠨ ᠶᠠᠷᠢᠯᠴᠠᠬᠤ ᠬᠤᠷᠠᠯ ᠬᠦᠬᠡᠬᠤᠲᠠ ᠳᠤ ᠪᠤᠯᠤᠯ᠎ᠠ

2016-10-18 19:31

    ᠰᠢᠨᠬᠤᠧᠠ ᠮᠣᠩᠭᠣᠯ ᠨᠧᠲ   ᠬᠦᠬᠡᠬᠤᠲᠠ ᠶᠢᠨ 10 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ (ᠬᠦᠵᠡᠰᠭᠦᠯᠡᠩ) ᠦᠪᠦᠷ ᠮᠣᠩᠭᠣᠯ ᠤᠨ ᠵᠤᠬᠢᠶᠠᠯᠴᠢᠳ ᠤᠨ ᠡᠪᠯᠡᠯ᠂ ᠦᠪᠦᠷ ᠮᠣᠩᠭᠣᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠤᠨᠤᠯ ᠰᠤᠳᠤᠯᠬᠤ ᠭᠠᠵᠠᠷ ᠡᠴᠡ ᠰᠠᠨᠠᠭᠠᠴᠢᠯᠠᠵᠤ᠂ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠡᠴᠡ ᠵᠤᠬᠢᠶᠠᠨ ᠪᠠᠶᠢᠭᠤᠯᠤᠭᠰᠠᠨ ᠦᠪᠦᠷ ᠮᠣᠩᠭᠣᠯ ᠤᠨ ᠲᠠᠪᠤᠳᠤᠭᠠᠷ ᠬᠤᠭᠤᠴᠠᠭᠠᠨ ᠤ ᠤᠳᠬ᠎ᠠ ᠵᠤᠬᠢᠶᠠᠯ ᠰᠤᠳᠤᠯᠬᠤ ᠠᠩᠬᠢ ᠶᠢᠨ ᠰᠤᠷᠤᠬᠴᠢᠳ ᠤᠨ ᠵᠤᠬᠢᠶᠠᠯ ᠪᠦᠲᠦᠭᠡᠯ ᠢ ᠰᠤᠳᠤᠯᠤᠨ ᠶᠠᠷᠢᠯᠴᠠᠬᠤ ᠬᠤᠷᠠᠯ 10 ᠰᠠᠷ᠎ᠠ ᠶᠢᠨ 15 ᠤ ᠡᠳᠦᠷ ᠬᠦᠬᠡᠬᠤᠲᠠ ᠳᠤ ᠪᠤᠯᠵᠤ ᠦᠩᠭᠡᠷᠡᠪᠡ᠃

    ᠦᠪᠦᠷ ᠮᠣᠩᠭᠣᠯ ᠤᠨ ᠲᠠᠪᠤᠳᠤᠭᠠᠷ ᠬᠤᠭᠤᠴᠠᠭᠠᠨ ᠤ ᠤᠳᠬ᠎ᠠ ᠵᠤᠬᠢᠶᠠᠯ ᠰᠤᠳᠤᠯᠬᠤ ᠠᠩᠬᠢ ᠪᠤᠯ 1990 ᠤᠨ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠤᠯᠤᠨ ᠦᠪᠦᠷ ᠮᠣᠩᠭᠣᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠡᠴᠡ ᠬᠠᠮᠲᠤᠷᠠᠨ ᠦᠪᠦᠷ ᠮᠣᠩᠭᠣᠯ ᠤᠨ ᠮᠣᠩᠭᠣᠯ ᠬᠡᠯᠡ ᠪᠢᠴᠢᠭ᠌ ᠤᠨ ᠲᠤᠰᠬᠠᠢ ᠮᠡᠷᠭᠡᠵᠢᠯ ᠤᠨ ᠰᠤᠷᠭᠠᠭᠤᠯᠢ (ᠤᠳᠤ ᠶᠢᠨ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ) ᠳᠦ ᠪᠠᠶᠢᠭᠤᠯᠤᠭᠰᠠᠨ ᠠᠩᠬᠢ ᠶᠤᠮ᠃

    ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠭᠠᠵᠠᠷ ᠤᠨ ᠳᠠᠷᠤᠭ᠎ᠠ ᠪᠤ‍‍‍‍‍‍‌᠋ᠰᠠᠶᠢᠵᠢᠷᠬᠤ᠄ᠦᠪᠦᠷ ᠮᠣᠩᠭᠣᠯ ᠤᠨ ᠲᠠᠪᠤᠳᠤᠭᠠᠷ ᠬᠤᠭᠤᠴᠠᠭᠠᠨ ᠤ ᠤᠳᠬ ᠠ ᠵᠤᠬᠢᠶᠠᠯ ᠰᠤᠳᠤᠯᠬᠤ ᠠᠩᠭᠢ ᠶᠢᠨ ᠰᠤᠷᠤᠬᠴᠢᠳ ᠬᠤᠶᠠᠷ ᠵᠢᠯ ᠤᠨ ᠰᠤᠷᠤᠯᠭ᠎ᠠ  ᠪᠠᠨ ᠠᠮᠵᠢᠯᠲᠠ ᠲᠠᠢ ᠲᠡᠭᠦᠰᠭᠡᠵᠦ᠂ ᠲᠤᠰ ᠲᠤᠰ ᠤᠨ ᠠᠵᠢᠯ ᠤᠨ ᠪᠠᠢᠢᠷᠢᠨ ᠳ᠋ᠠᠭᠠᠨ ᠬᠢᠯᠠᠷᠠᠭᠤᠯᠵᠤ ᠶᠠᠪᠤᠨ᠎ᠠ᠃ ᠡᠭᠦᠨ ᠤ ᠳᠤᠲᠤᠷ᠎ᠠ ᠪᠢᠳᠡ ᠪᠦᠬᠦᠨ ᠤ ᠮᠡᠳᠡᠭᠡᠵᠢ ᠪᠡᠷ<ᠬᠠᠮᠠᠷ ᠯᠤᠳᠤᠨ>ᠵᠤᠬᠢᠶᠠᠯ ᠤᠨ ᠵᠤᠬᠢᠶᠠᠭᠴᠢ ᠪᠠᠲᠤᠮᠦ᠋ᠩᠭᠡ ᠮᠦᠨ ᠲᠤᠰ ᠠᠩᠭᠢ ᠡᠴᠡ ᠲᠡᠭᠦᠰᠦᠭᠰᠡᠨ ᠪᠠᠶᠢᠳᠠᠭ᠃ ᠲᠤᠰ ᠤᠳᠠᠭᠠᠨ ᠤ ᠬᠤᠷᠠᠯ ᠨᠢ ᠲᠤᠰ ᠠᠩᠭᠢ ᠶᠢᠨ ᠰᠤᠷᠤᠭᠴᠢᠳ ᠤᠨ ᠵᠤᠬᠢᠶᠠᠯ ᠪᠦᠲᠦᠭᠡᠯ ᠤᠨ ᠲᠤᠭᠤᠷᠢᠨ ᠳᠦ ᠰᠤᠳᠤᠯᠤᠨ ᠶᠠᠷᠢᠯᠴᠠᠯ᠎ᠠ᠂ ᠡᠨᠡ ᠨᠢ ᠮᠣᠩᠭᠣᠯ ᠤᠷᠠᠨ ᠵᠤᠬᠢᠶᠠᠯ ᠤᠨ ᠵᠤᠬᠢᠶᠠᠨ ᠪᠦᠲᠦᠭᠡᠯᠭᠡ ᠶᠢᠨ ᠬᠤᠪᠢ ᠳᠤ ᠠᠬᠢᠭᠤᠯᠬᠤ ᠦᠢᠯᠡᠳᠦᠯ ᠲᠠᠢ ᠶᠤᠮᠭᠡᠯ᠎ᠡ᠃

    ᠦᠪᠦᠷ ᠮᠣᠩᠭᠣᠯ ᠤᠨ ᠲᠠᠪᠤᠳᠤᠭᠠᠷ ᠬᠤᠭᠤᠴᠠᠭᠠᠨ ᠤ ᠤᠳᠬ᠎ᠠ ᠵᠤᠬᠢᠶᠠᠯ ᠰᠤᠳᠤᠯᠬᠤ ᠠᠩᠬᠢ ᠳ᠋ᠤ ᠰᠤᠷᠤᠯᠴᠠᠵᠤ ᠪᠠᠢᠢᠭᠰᠠᠨ᠂ ᠤᠳᠤ ᠦᠪᠦᠷ ᠮᠤᠩᠭ᠋ᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠳ᠋ᠤ ᠠᠵᠢᠯ ᠠᠯᠪᠠ ᠲᠠᠢ ᠬᠡᠰᠢᠭ᠍ᠲᠤ᠄ᠲᠤᠬᠠᠢ ᠶᠢᠨ ᠦᠶ᠎ᠠ ᠳ᠋ᠤ ᠪᠢ ᠤᠳᠬ᠎ᠠ ᠵᠤᠬᠢᠶᠠᠯ ᠤᠨ ᠵᠤᠬᠢᠶᠠᠨ ᠪᠦᠲᠦᠭᠡᠯᠭᠡ ᠶᠢᠨ ᠴᠢᠭᠯᠡᠯ ᠢᠶᠡᠷ ᠰᠤᠷᠤᠯᠴᠠᠵᠤ ᠪᠠᠢᠢᠭᠰᠠᠨ ᠶᠤᠮ᠃ ᠠᠷᠲᠠᠢ᠂ ᠯᠢᠭᠳᠡᠨ᠂ ᠰᠤᠳᠨᠠᠮ᠂ ᠪᠠᠶᠠᠰᠬᠤᠯᠠᠩ ᠵᠡᠷᠭᠡ ᠨᠡᠷ᠎ᠡ ᠬᠦᠨᠳᠦᠲᠤ ᠲᠠᠢ ᠪᠠᠭᠰᠢ ᠨᠠᠷ ᠮᠠᠨ ᠳ᠋ᠦ ᠤᠨᠤᠯ ᠤᠨ ᠬᠢᠴᠢᠶᠠᠯ ᠤᠷᠤᠵᠤ ᠪᠠᠢᠢᠬᠰᠠᠨ᠂ ᠡᠨᠡ ᠨᠢ ᠬᠤᠵᠢᠮ ᠤᠨ ᠵᠤᠬᠢᠶᠠᠯ ᠪᠦᠲᠦᠭᠡᠯᠭᠡ᠂ ᠮᠡᠳᠡᠯᠭᠡ ᠮᠡᠷᠭᠡᠵᠢᠯ᠂ ᠮᠡᠳᠡᠷᠡᠮᠵᠢ ᠶᠢᠨ ᠲᠠᠯ᠎ᠠ ᠳ᠋ᠤ ᠶᠡᠬᠡᠬᠡᠨ ᠲᠤᠰᠠ ᠪᠤᠯᠪᠠᠭᠡᠯ᠎ᠠ᠃

    ᠰᠤᠳᠤᠯᠤᠨ ᠶᠠᠷᠢᠯᠴᠠᠬᠤ ᠬᠤᠷᠠᠯ ᠳᠦ ᠠᠶᠤᠩᠭ᠎ᠠ᠂ ᠲᠤ‍‍ᠳᠡᠯᠭᠡᠷᠰᠡᠩ᠂ ᠯᠢᠭᠳᠡᠨ᠂ ᠷᠢᠨᠴᠢᠨᠳᠤᠷᠵᠢ᠂ ᠲᠤᠷᠤᠨᠠᠲ᠋ᠡᠭ᠍ᠷᠢ᠂ ᠡᠷᠳᠡᠨᠢᠬᠠᠲᠠ᠂ ᠬᠠᠶᠢᠷᠬᠠᠨ ᠵᠡᠷᠭᠡ ᠨᠡᠷᠡᠲᠤ ᠵᠤᠬᠢᠶᠠᠯᠴᠢ᠂ ᠲᠤᠢᠢᠮᠤᠴᠢᠳ ᠤᠷᠤᠯᠴᠠᠵᠤ᠂ ᠵᠤᠬᠢᠶᠠᠯ ᠪᠦᠲᠦᠭᠡᠯ ᠤᠨ ᠲᠤᠭᠤᠷᠢᠨ ᠳᠤ ᠰᠤᠳᠤᠯᠤᠨ ᠶᠠᠷᠢᠯᠴᠠᠪᠠ᠃

ᠢᠷᠡᠯᠳᠡ᠄ ᠰᠢᠨᠬᠤᠧᠠ ᠮᠣᠩᠭᠣᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119742902