蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠠᠯᠪᠠᠳᠠᠨ ᠤ ᠵᠠᠷᠢᠮ ᠠᠵᠢᠯ ᠤᠨ ᠪᠠᠶᠢᠷᠢᠨ ᠳᠤ ᠨᠡᠷ᠎ᠡ ᠪᠦᠷᠢᠳᠬᠡᠬᠦᠯᠬᠦ ᠬᠦᠮᠦᠨ ᠦᠬᠡᠢ ᠪᠠᠶᠢᠨ᠎ᠠ

2016-10-20 09:29

    2017 ᠤᠨ ᠤ ᠤᠯᠤᠰ ᠤᠨ ᠠᠯᠪᠠᠳᠠᠨ ᠤ ᠰᠢᠯᠭᠠᠯᠳᠠ ᠳᠤ ᠨᠡᠷ᠎ᠡ ᠪᠦᠷᠢᠳᠬᠡᠬᠦᠯᠬᠦ ᠠᠵᠢᠯ ᠳᠤᠮᠳᠠᠯᠠᠵᠤ ᠪᠤᠢ᠂ 19 ᠤ ᠡᠳᠦᠷ ᠪᠤᠯᠳᠠᠯ᠎ᠠ ᠨᠡᠷ᠎ᠡ ᠪᠦᠷᠢᠳᠬᠡᠬᠦᠯᠦᠭᠰᠡᠨ ᠬᠦᠮᠦᠨ ᠤ ᠳᠤᠭ᠎ᠠ 40 ᠳᠦᠮᠡ ᠶᠢ ᠤᠶᠢᠷᠠᠳᠤᠵᠠᠢ᠃ ᠬᠡᠪᠡᠴᠤ ᠡᠨᠡ ᠤᠳᠠᠭᠠᠨ ᠤ ᠨᠡᠷ᠎ᠡ ᠪᠦᠷᠢᠳᠬᠡᠬᠦᠯᠵᠤ ᠪᠠᠶᠢᠭ᠎ᠠ ᠪᠠᠶᠢᠳᠠᠯ ᠡᠴᠡ ᠦᠵᠡᠬᠦ ᠳᠤ᠂ ᠵᠠᠷᠢᠮ ᠠᠵᠢᠯ ᠤᠨ ᠪᠠᠶᠢᠷᠢᠨ ᠳᠤ ᠮᠡᠳᠡᠬᠦᠯᠦᠭᠰᠡᠨ ᠬᠠᠷᠢᠴᠠᠯ 1500᠄1 ᠪᠤᠯᠵᠤ᠂ ᠬᠠᠷᠢᠨ ᠵᠠᠷᠢᠮ ᠠᠵᠢᠯ ᠤᠨ ᠪᠠᠶᠢᠷᠢᠨ ᠳᠤ ᠨᠢᠬᠡ ᠬᠦᠮᠦᠨ ᠴᠤ ᠨᠡᠷ᠎ᠡ ᠮᠡᠳᠡᠬᠦᠯᠦᠬᠡ ᠦᠬᠡᠢ ᠪᠠᠶᠢᠨ᠎ᠠ᠃

    ᠬᠤᠧᠠ ᠳᠦ᠋ ᠰᠤᠷᠭᠠᠨ ᠬᠦᠮᠦᠵᠢᠯ ᠤᠨ ᠪᠦᠷᠢᠳᠬᠡᠯ ᠢ ᠦᠨᠳᠦᠰᠦᠯᠡᠪᠡᠯ᠂ 19 ᠤ ᠡᠳᠦᠷ ᠤᠨ 16᠄30 ᠴᠠᠭ ᠪᠤᠯᠳᠠᠯ᠎ᠠ ᠨᠡᠶᠢᠳᠡ ᠨᠡᠷ᠎ᠡ ᠪᠦᠷᠢᠳᠬᠡᠬᠦᠯᠦᠭᠰᠡᠨ ᠬᠦᠮᠦᠨ ᠤ ᠳᠤᠭ᠎ᠠ 398728 ᠬᠦᠷᠴᠤ᠂ ᠡᠬᠦᠨ ᠳᠤ ᠨᠢᠬᠡ ᠡᠳᠦᠷ ᠨᠡᠷ᠎ᠡ ᠪᠦᠷᠢᠳᠬᠡᠬᠦᠯᠦᠭᠰᠡᠨ ᠬᠦᠮᠦᠨ ᠤ ᠳᠤᠭ᠎ᠠ 12.5 ᠳᠦᠮᠡ ᠳᠤ ᠬᠦᠷᠴᠠᠢ᠃ ᠡᠨᠡ ᠵᠢᠯ ᠤᠨ ᠤᠯᠤᠰ ᠤᠨ ᠠᠯᠪᠠᠳᠠᠨ ᠤ ᠰᠢᠯᠭᠠᠯᠳᠠ ᠪᠡᠷ 120 ᠭᠠᠷᠤᠢ ᠳᠦᠪ ᠤᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠪᠠᠶᠢᠭᠤᠯᠭ᠎ᠠ᠂ ᠯᠠᠪᠯᠠᠭ᠎ᠠ ᠶᠢᠨ ᠠᠯᠪᠠᠳᠠᠨ ᠤ ᠬᠠᠤᠯᠢ ᠶᠢᠨ ᠬᠠᠮᠢᠶᠠᠷᠤᠯᠳᠠ ᠳᠤ ᠪᠠᠭᠳᠠᠬᠤ ᠠᠵᠢᠯ ᠦᠢᠯᠡᠰ ᠤᠨ ᠨᠢᠬᠡᠴᠡ ᠨᠢ ᠨᠡᠶᠢᠳᠡ 2.7 ᠳᠦᠮᠡᠨ ᠬᠦᠮᠦᠨ ᠡᠯᠰᠡᠨ᠎ᠡ᠃ ᠡᠬᠦᠨ ᠳᠤ ᠳᠦᠪ ᠤᠨ ᠠᠯᠪᠠᠨ ᠳᠢᠩᠬᠢᠮ ᠤᠨ 《ᠬᠦᠯᠢᠶᠡᠨ ᠠᠪᠤᠯᠳᠠ ᠶᠢᠨ ᠭᠠᠵᠠᠷ ᠤᠨ ᠡᠷᠬᠢᠯᠡᠭᠴᠢ ᠠᠵᠢᠯᠳᠠᠨ ᠵᠢᠴᠢ ᠡᠬᠦᠨ ᠡᠴᠡ ᠳᠤᠷᠤᠭᠰᠢ》 ᠠᠵᠢᠯ ᠤᠨ ᠪᠠᠶᠢᠷᠢᠨ ᠳᠤ ᠨᠡᠷ᠎ᠡ ᠪᠦᠷᠢᠳᠬᠡᠬᠦᠯᠦᠭᠰᠡᠨ ᠪᠠᠶᠢᠳᠠᠯ 1489᠄1 ᠪᠤᠯᠵᠤ᠂ ᠡᠨᠡ ᠨᠢ ᠤᠳᠤᠬᠠᠨ ᠤ ᠬᠠᠮᠤᠭ ᠤᠨ ᠬᠠᠯᠠᠮᠰᠢᠯ ᠠᠵᠢᠯ ᠤᠨ ᠪᠠᠶᠢᠷᠢ ᠪᠤᠯᠵᠠᠢ᠃ ᠬᠠᠷᠢᠨ ᠳᠡᠮᠦᠷ ᠵᠠᠮ᠂ ᠳᠤᠳᠤᠭᠠᠳᠤ ᠶᠢ ᠬᠠᠮᠠᠭᠠᠯᠠᠬᠤ ᠰᠢᠰᠲ᠋ᠧᠮ ᠤᠨ 1243 ᠠᠵᠢᠯ ᠤᠨ ᠪᠠᠶᠢᠷᠢᠨ ᠳᠤ ᠨᠢᠬᠡ ᠴᠤ ᠬᠦᠮᠦᠨ ᠨᠡᠷ᠎ᠡ ᠪᠦᠷᠢᠳᠬᠡᠬᠦᠯᠦᠬᠡ ᠦᠬᠡᠢ ᠪᠠᠶᠢᠭᠰᠠᠭᠠᠷ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119753769