蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠶᠡᠬᠡ ᠲᠡᠭᠡᠳᠦ ᠰᠤᠷᠭᠠᠭᠤᠯᠢ ᠶᠢᠨ ᠤᠶᠤᠲᠠᠳ ᠤᠨ ᠰᠡᠳᠭᠢᠴᠡ ᠵᠦᠢ ᠶᠢᠨ ᠵᠦᠴᠦᠭᠡ ᠶᠢᠨ ᠤᠷᠤᠯᠲᠤᠭᠠᠨ ᠤᠲᠠᠯ ᠦᠭᠡᠢ ᠶᠠᠪᠤᠭᠲᠠᠨ᠎ᠠ

2016-10-29 15:44

    ᠰᠤᠷᠪᠤᠯᠵᠢᠯᠠᠭᠴᠢ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠡᠴᠡ ᠤᠢᠢᠯᠠᠭᠠᠭᠰᠠᠨ ᠶᠢᠡᠷ᠂ ᠪᠦᠬᠦ ᠤᠷᠤᠨ ᠤ ᠶᠡᠬᠡ ᠲᠡᠭᠡᠳᠦ ᠰᠤᠷᠭᠠᠭᠤᠯᠢ ᠶᠢᠨ ᠲᠦᠷᠪᠡᠲᠦᠭᠡᠷ ᠬᠤᠭᠤᠴᠠᠭᠠᠨ ᠤ ᠤᠶᠤᠲᠠᠳ ᠤᠨ ᠰᠡᠳᠭᠢᠴᠡ ᠵᠦᠢ ᠶᠢᠨ ᠵᠦᠴᠦᠭᠡ ᠶᠢᠨ ᠤᠷᠤᠯᠲᠤᠭᠠᠨ 11 ᠰᠠᠷ᠎ᠠ ᠶᠢᠨ ᠡᠬᠢᠨ ᠶᠢᠡᠷ ᠶᠠᠪᠤᠭᠲᠠᠨ᠎ᠠ᠃

    ᠤᠷᠤᠯᠲᠤᠭᠠ ᠨᠢ ᠲᠠᠭᠤᠯᠠᠯᠲᠤ ᠵᠦᠴᠦᠭᠡ᠂ ᠶᠠᠷᠢᠶᠠᠲᠤ ᠵᠦᠴᠦᠭᠡ᠂ ᠱᠤᠭ ᠵᠦᠴᠦᠭᠡ᠂ ᠦᠭᠡ ᠦᠭᠡᠢ ᠵᠦᠴᠦᠭᠡ᠂ ᠪᠦᠵᠢᠭᠲᠦ ᠲᠠᠭᠤᠷᠢ ᠵᠡᠷᠭᠡ ᠬᠡᠯᠪᠡᠷᠢ ᠪᠡᠷ ᠤᠶᠤᠲᠠᠳ ᠤᠨ ᠰᠡᠳᠭᠢᠯ ᠤᠨ ᠲᠠᠷᠤᠮᠲᠠ ᠶᠢ ᠢᠯᠡᠳᠭᠡᠨ ᠡᠭᠦᠨ ᠤ ᠲᠤᠮᠲᠠ ᠡᠴᠡ ᠰᠡᠳᠭᠢᠴᠡ ᠵᠦᠢ ᠶᠢ ᠰᠤᠷᠤᠯᠴᠠᠬᠤ ᠵᠤᠷᠢᠯᠭ᠎ᠠ ᠳ᠋ᠤ ᠬᠦᠷᠭᠡᠬᠦ ᠪᠤᠯᠤᠨ᠎ᠠ᠃

    ᠲᠤᠰ ᠤᠲᠠᠭᠠᠨ ᠤ ᠤᠷᠤᠯᠲᠤᠭᠠᠨ ᠢ ᠦᠪᠦᠷ ᠮᠤᠩᠭ᠋ᠤᠯ ᠤᠨ ᠰᠤᠷᠭᠠᠨ ᠬᠦᠮᠦᠵᠢᠯ ᠤᠨ ᠲᠢᠩᠬᠢᠮ ᠡᠴᠡ ᠰᠠᠨᠠᠭᠠᠴᠢᠯᠠᠵᠤ᠂ ᠦᠪᠦᠷ ᠮᠤᠩᠭ᠋ᠤᠯ ᠤᠨ ᠠᠵᠤ ᠦᠢᠯᠡᠳᠪᠦᠷᠢ ᠶᠢᠨ ᠶᠡᠬᠡ ᠰᠤᠷᠭᠠᠭᠤᠯᠢ ᠡᠴᠡ ᠵᠤᠬᠢᠶᠠᠨ ᠪᠠᠢᠢᠭᠤᠯᠤᠨ᠎ᠠ᠃

ᠢᠷᠡᠯᠳᠡ᠄ ᠬᠦᠬᠡᠬᠤᠲᠠ ᠶᠢᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119812204