蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭᠣᠯ ᠤᠨ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠨᠢ 2018 ᠤᠨ ᠡᠴᠡ ᠰᠢᠨ᠎ᠠ ᠪᠡᠷ ᠡᠯᠰᠡᠬᠦ ᠰᠤᠷᠤᠭᠴᠢ ᠪᠡᠨ ᠨᠠᠶᠢᠭᠡᠮ  ᠪᠠᠶᠢᠭᠠᠯᠢ ᠶᠢᠨ ᠬᠡᠵᠤ ᠢᠯᠭᠠᠪᠤᠷᠢᠯᠠᠬᠤ ᠦᠬᠡᠢ

2016-11-02 18:24

    ᠥᠪᠦᠷ ᠮᠣᠩᠭᠣᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠡᠴᠡ ᠡᠮᠦᠨᠡᠬᠡᠨ ᠬᠡᠪᠯᠡᠨ ᠲᠠᠷᠬᠠᠭᠠᠭᠰᠠᠨ 《ᠥᠪᠦᠷ ᠮᠣᠩᠭᠣᠯ ᠤᠨ ᠥᠪᠡᠷᠲᠡᠭᠡᠨ ᠵᠠᠰᠠᠬᠤ ᠤᠷᠤᠨ ᠤ ᠰᠢᠯᠭᠠᠯᠲᠠ  ᠪᠡᠷ ᠡᠯᠰᠡᠬᠦ ᠳᠦᠷᠢᠮ ᠤᠨ ᠥᠭᠡᠷᠡᠴᠢᠯᠡᠯᠲᠠ ᠶᠢ ᠬᠦᠨᠵᠡᠭᠡᠶᠢᠷᠡᠭᠦᠯᠬᠦ ᠬᠡᠷᠡᠭᠵᠢᠭᠦᠯᠦᠯᠲᠠ ᠶᠢᠨ ᠲᠦᠰᠦᠯ 》  ᠳ᠋ᠤ ᠥᠪᠦᠷ ᠮᠣᠩᠭᠣᠯ ᠤᠨ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠨᠢ 2018 ᠤᠨ ᠡᠴᠡ ᠰᠢᠨ᠎ᠠ ᠪᠡᠷ ᠡᠯᠰᠡᠬᠦ ᠰᠤᠷᠤᠭᠴᠢᠳ ᠲᠠᠭᠠᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠪᠤᠯᠤᠨ ᠶᠡᠷᠦᠩᠬᠡᠢ ᠬᠡᠪ ᠪᠤᠯᠪᠠᠰᠤᠷᠠᠯ ᠤᠨ ᠦᠨᠠᠯᠠᠯᠲᠠ ᠶᠢ ᠪᠦᠬᠦ ᠲᠠᠯ᠎ᠠ ᠪᠡᠷ ᠬᠡᠷᠡᠭᠵᠢᠭᠦᠯᠵᠤ᠂ ᠨᠠᠶᠢᠭᠡᠮ ᠪᠠᠶᠢᠭᠠᠯᠢ ᠶᠢᠨ ᠠᠩᠬᠢ ᠳᠤ ᠢᠯᠭᠠᠪᠤᠷᠢᠯᠠᠬᠤ ᠦᠬᠡᠢ ᠬᠡᠵᠤ ᠲᠤᠭᠲᠠᠭᠠᠵᠡᠢ᠃

    ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢ ᠳᠡᠰ ᠤᠨ ᠰᠢᠯᠭᠠᠯᠲᠠ ᠪᠤᠯᠤᠨ ᠬᠢᠷᠢ ᠲᠡᠩᠴᠡᠬᠦ ᠰᠢᠯᠭᠠᠯᠲᠠ ᠭᠡᠵᠤ ᠬᠣᠪᠢᠶᠠᠨ ᠥᠪᠡᠷᠲᠡᠭᠡᠨ ᠵᠠᠰᠠᠬᠤ ᠤᠷᠤᠨ ᠡᠴᠡ ᠨᠢᠬᠡᠳᠤᠯᠲᠠᠢ ᠵᠣᠬᠢᠶᠠᠨ ᠪᠠᠶᠢᠭᠤᠯᠵᠤ ᠶᠠᠪᠤᠭᠳᠠᠭᠤᠯᠤᠨ᠎ᠠ᠂ ᠰᠤᠷᠤᠭᠴᠢᠳ ᠳᠡᠰ ᠤᠨ ᠰᠢᠯᠭᠠᠯᠲᠠ ᠳᠤ ᠤᠷᠤᠯᠴᠠᠬᠤ ᠦᠶᠠᠰ ᠥᠪᠡᠷᠲᠡᠭᠡᠨ ᠵᠠᠰᠠᠬᠤ ᠤᠷᠤᠨ  ᠤ ᠲᠤᠭᠲᠠᠭᠠᠭᠰᠠᠨ 6 ᠲᠦᠷᠦᠯ ᠤᠨ ᠬᠢᠴᠢᠶᠠᠯ ᠡᠴᠡ 3 ᠲᠦᠷᠦᠯ ᠢ ᠨᠢ ᠰᠤᠩ᠋ᠭᠤᠵᠤ ᠰᠢᠯᠭᠠᠨ᠎ᠠ᠃ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ  ᠶᠢᠨ ᠬᠢᠷᠢ ᠪᠦᠲᠦᠮᠵᠢ ᠨᠢ ᠰᠤᠷᠤᠭᠴᠢᠳ ᠤᠨ ᠲᠡᠭᠦᠰᠬᠦ ᠦᠶ᠎ᠠ ᠪᠠ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠳᠠᠯᠢ ᠳᠡᠰ ᠤᠨ ᠰᠤᠷᠤᠯᠭ᠎ᠠ ᠶᠢᠨ ᠨᠠᠮᠲᠠᠷ  ᠲᠤᠬᠲᠠᠭᠠᠬᠤ ᠳᠤ ᠭᠤᠤᠯ ᠦᠨᠳᠤᠰᠤᠯᠠᠯ ᠪᠤᠯᠬᠤ ᠪᠦᠭᠡᠳ ᠶᠡᠭᠡ ᠳᠡᠭᠡᠲᠤ ᠰᠤᠷᠭᠠᠭᠤᠯᠢ  ᠶᠢᠨ ᠡᠯᠰᠡᠯᠳᠡ ᠶᠢᠨ ᠰᠢᠯᠭᠠᠯᠲᠠ ᠳᠤ ᠬᠠᠩ᠋ᠭᠠᠬᠤ ᠴᠢᠬᠤᠯᠠ ᠦᠨᠳᠤᠰᠤᠯᠠᠯ ᠪᠤᠯᠤᠨ᠎ᠠ᠃ ᠡᠬᠦᠨ ᠳᠤ ᠰᠤᠷᠤᠭᠴᠢᠳ ᠤᠨ ᠰᠤᠩᠭᠤᠭᠰᠠᠨ 3 ᠬᠢᠴᠢᠶᠠᠯ ᠲᠦᠷᠤᠯ ᠤᠨ ᠳᠡᠰ ᠤᠨ ᠰᠢᠯᠭᠠᠯᠲᠠ ᠶᠢᠨ ᠬᠢᠷᠢ ᠪᠦᠲᠦᠮᠵᠢ  ᠶᠢ ᠶᠡᠬᠡ ᠳᠡᠭᠡᠲᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠲᠠ  ᠶᠢᠨ ᠬᠢᠷᠢ ᠪᠦᠲᠦᠮᠵᠢ ᠳᠤ ᠪᠤᠳᠤᠵᠤ ᠤᠷᠤᠭᠤᠯᠤᠨ᠎ᠠ᠃

    2021 ᠤᠨ ᠡᠴᠡ ᠡᠬᠢᠯᠡᠨ ᠰᠢᠯᠭᠠᠭᠰᠠᠳ ᠤᠨ ᠶᠡᠷᠦᠩᠬᠡᠢ ᠬᠢᠷᠢ ᠪᠦᠲᠦᠮᠵᠢ ᠶᠢ ᠪᠦᠬᠦ ᠤᠯᠤᠰ ᠤᠨ ᠶᠡᠬᠡ ᠳᠡᠭᠡᠲᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠲᠠ ᠶᠢᠨ ᠬᠡᠯᠡ ᠪᠢᠴᠢᠭ᠌᠂ ᠲᠤᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ 3 ᠬᠢᠴᠢᠶᠠᠯ ᠲᠦᠷᠦᠯ ᠪᠠ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠳᠡᠰ ᠤᠨ ᠰᠢᠯᠭᠠᠯᠲᠠ  ᠳᠤ ᠰᠤᠩᠭᠤᠨ ᠰᠢᠯᠭᠠᠭᠤᠯᠤᠭᠰᠠᠨ 3 ᠬᠢᠴᠢᠶᠠᠯ ᠲᠦᠷᠦᠯ ᠤᠨ ᠬᠢᠷᠢ ᠪᠦᠲᠦᠮᠵᠢ ᠪᠡᠷ ᠲᠤᠭᠲᠠᠭᠠᠨ᠎ᠠ᠃ ᠡᠬᠦᠨ ᠤ ᠵᠡᠷᠭᠡ ᠳᠤ ᠰᠢᠯᠭᠠᠭᠰᠠᠳ ᠤᠨ ᠶᠡᠷᠦᠩᠬᠡᠢ ᠬᠡᠪ ᠪᠣᠯᠪᠠᠰᠤᠷᠠᠯ ᠤᠨ ᠦᠨᠡᠯᠡᠯᠲᠠ  ᠪᠡᠷ ᠯᠠᠪᠯᠠᠯᠲᠠ ᠪᠣᠯᠭᠠᠨ᠎ᠠ᠃

ᠢᠷᠡᠯᠳᠡ᠄ ᠥᠪᠦᠷ ᠮᠣᠩᠭᠣᠯ ᠰᠣᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119838104