蒙古文网站Logo
ᠰᠢᠨᠬᠤᠸᠠ ᠮᠤᠩᠭ᠋ᠤᠯ ᠨᠧᠲ

《ᠠᠯᠲᠠᠨ ᠦᠨᠳᠦᠰᠦ》ᠮᠤᠩᠭ᠋ᠤᠯ ᠲᠤᠮᠲᠠᠲᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠵᠤᠬᠢᠶᠠᠯ ᠤᠨ ᠤᠷᠤᠯᠲᠤᠭᠠᠨ ᠤ ᠱᠠᠩᠨᠠᠯ ᠤᠯᠭᠤᠬᠤ ᠠᠵᠢᠯᠯᠠᠭ᠎ᠠ ᠪᠤᠯᠵᠤ ᠦᠩᠭᠡᠷᠡᠯ᠎ᠡ

2016-11-16 11:31

    11 ᠰᠠᠷ ᠠ ᠶᠢᠨ 13 ᠤ ᠡᠳᠤᠷ᠂ ᠳᠦᠨᠭ᠍ᠯᠢᠶᠤᠤ ᠬᠤᠲᠠ ᠶᠢᠨ ᠨᠠᠶ᠋ᠮᠠᠲᠤᠭᠠᠷ ᠬᠤᠭᠤᠴᠠᠭᠠᠨ ᠤ 《ᠠᠯᠲᠠᠨ ᠦᠨᠳᠤᠰᠤ》 ᠬᠤᠨᠲᠠᠭᠠᠲᠤ ᠮᠤᠨᠭ᠍ᠭᠤᠯ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠬᠢᠶᠠᠯ ᠤᠨ ᠱᠠᠨᠭᠨᠠᠯᠲᠤ ᠤᠷᠤᠯᠳᠤᠭᠠᠨ ᠤ ᠬᠦᠬᠢᠭᠦᠯᠤᠯ ᠤᠨ ᠶᠡᠬᠡ ᠬᠤᠷᠠᠯ ᠨᠠᠶ᠋ᠮᠠᠨ ᠬᠤᠰᠢᠭᠤᠨ ᠤ ᠮᠤᠨᠭᠭᠤᠯ ᠦᠨᠳᠤᠰᠤᠲᠡᠨ ᠤ ᠪᠠᠭ᠎ᠠ ᠰᠤᠷᠭᠠᠭᠤᠯᠢ ᠳᠤ ᠶᠠᠪᠤᠭᠳᠠᠵᠠᠢ᠃ ᠳᠦᠨᠭ᠍ᠯᠢᠶᠤᠤ ᠬᠤᠲᠠ ᠶᠢᠨ ᠦᠨᠳᠤᠰᠤᠲᠡᠨ ᠤ ᠬᠡᠷᠡᠭ ᠡᠷᠬᠢᠯᠡᠬᠦ ᠵᠦᠪᠯᠡᠯ᠂ ᠳᠦᠨᠭ᠍ᠯᠢᠶᠤᠤ ᠬᠤᠲᠠ ᠶᠢᠨ ᠮᠤᠨᠭᠭᠤᠯ ᠬᠡᠯᠡ ᠪᠢᠴᠢᠭ᠌ ᠤᠨ ᠠᠵᠢᠯ ᠤᠨ ᠵᠦᠪᠯᠡᠯ᠂ ᠳᠦᠨᠭ᠍ᠯᠢᠶᠤᠤ ᠬᠤᠲᠠ ᠶᠢᠨ ᠰᠤᠷᠭᠠᠨ ᠬᠦᠮᠦᠵᠢᠯ ᠤᠨ ᠲᠤᠪᠴᠢᠶ ᠠ ᠡᠴᠡ ᠭᠤᠤᠯᠯᠠᠨ ᠡᠷᠬᠢᠯᠡᠵᠤ᠂ 《ᠠᠯᠲᠠᠨ ᠦᠨᠳᠤᠰᠤ》 ᠰᠡᠳᠭᠦᠯ ᠤᠨ ᠨᠠᠢᠢᠷᠠᠭᠤᠯᠬᠤ ᠬᠡᠯᠲᠡᠰ ᠡᠴᠡ ᠳᠠᠭᠠᠭᠠᠴᠢᠯᠠᠨ ᠡᠷᠬᠢᠯᠡᠭᠰᠡᠨ ᠲᠤᠰ ᠤᠳᠠᠭᠠᠨ ᠤ ᠤᠷᠤᠯᠳᠤᠭᠠᠨ ᠳᠤ ᠪᠦᠬᠦ ᠬᠤᠲᠠ ᠶᠢᠨ ᠮᠤᠨᠭᠭᠤᠯ ᠳᠤᠮᠳᠠᠳᠤ ᠪᠠᠭ᠎ᠠ ᠰᠤᠷᠭᠠᠭᠤᠯᠢ ᠶᠢᠨ ᠳᠡᠪᠰᠢᠭᠦᠯᠦᠭᠰᠡᠨ 700 ᠭᠠᠷᠤᠢ ᠬᠤᠪᠢ ᠵᠤᠬᠢᠶᠠᠯ ᠢ ᠪᠠᠭ᠎ᠠ ᠰᠤᠷᠭᠠᠭᠤᠯᠢ᠂ ᠠᠨᠭᠬ ᠠ ᠳᠤᠮᠳᠠᠳᠤ᠂ ᠦᠨᠳᠦᠷ ᠳᠤᠮᠳᠠᠳᠤ ᠭᠡᠵᠤ ᠭᠤᠷᠪᠠᠨ ᠳᠤᠭᠤᠢᠢᠯᠠᠨᠭ᠌ ᠬᠤᠪᠢᠶᠠᠨ ᠰᠢᠯᠭᠠᠷᠠᠭᠤᠯᠵᠤ᠂ ᠨᠢᠭᠡᠳᠦᠭᠡᠷ ᠳᠡᠰ ᠲᠤ 5 ᠬᠤᠪᠢ ᠵᠤᠬᠢᠶᠠᠯ᠂ ᠬᠤᠶᠠᠳᠤᠭᠠᠷ ᠳᠡᠰ ᠲᠤ 15 ᠬᠤᠪᠢ ᠵᠤᠬᠢᠶᠠᠯ᠂ ᠭᠤᠷᠪᠠᠳᠤᠭᠠᠷ ᠳᠡᠰ ᠲᠤ 25 ᠬᠤᠪᠢ ᠵᠤᠬᠢᠶᠠᠯ ᠢ ᠲᠤᠰ ᠲᠤᠰ ᠬᠦᠬᠢᠬᠦᠯᠦᠨ ᠱᠠᠨᠭᠨᠠᠵᠠᠢ᠃ ᠵᠢᠷᠤᠭ ᠪᠤᠯ ᠬᠤᠷᠠᠯ ᠤᠨ ᠠᠬᠤᠢ ᠲᠠᠯᠠᠪᠠᠢ ᠪᠤᠯᠤᠨ᠎ᠠ᠃ 

    ᠵᠢᠷᠤᠭ ᠢ ᠲᠦᠩᠯᠢᠶᠤᠤ ᠶᠢᠨ ᠡᠲᠦᠷ ᠤᠨ ᠰᠤᠨᠢᠨ ᠤ ᠰᠤᠷᠪᠤᠯᠵᠢᠯᠠᠭᠴᠢ ᠰᠠᠴᠤᠷᠠᠩᠭ᠋ᠤᠢ

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119923505