蒙古文网站Logo
ᠰᠢᠨᠬᠤᠸᠠ ᠮᠤᠩᠭ᠋ᠤᠯ ᠨᠧᠲ

ᠡᠷᠳᠡᠨᠢᠲᠤᠭᠲᠠᠬᠤ ᠶᠢᠨ ᠮᠡᠨᠳᠦᠯᠡᠭᠰᠡᠨ 100 ᠵᠢᠯ ᠤᠨ ᠤᠢ ᠶᠢ ᠲᠤᠷᠠᠰᠬᠠᠬᠤ ᠰᠤᠷᠤᠭᠴᠢᠳ ᠤᠨ ᠵᠦᠪ ᠪᠢᠴᠢᠯᠭᠡ  ᠪᠠ ᠮᠡᠲᠡᠯᠭᠡ ᠶᠢᠨ ᠤᠷᠤᠯᠲᠤᠭᠠᠨ ᠶᠠᠪᠤᠭᠲᠠᠪᠠ

2016-11-17 17:20

    11 ᠰᠠᠷ᠎ᠠ ᠶᠢᠨ 14 ᠤ ᠡᠲᠦᠷ᠂ ᠡᠷᠳᠡᠨᠢᠲᠤᠭᠲᠠᠬᠤ ᠶᠢᠨ ᠮᠡᠨᠲᠦᠯᠡᠭᠰᠡᠨ 100 ᠵᠢᠯ ᠤᠨ ᠤᠢ ᠶᠢ ᠲᠤᠷᠠᠰᠬᠠᠨ ᠲᠡᠮᠲᠡᠭᠯᠡᠬᠦ ᠰᠤᠷᠤᠭᠴᠢᠳ ᠤᠨ ᠵᠦᠪ ᠪᠢᠴᠢᠯᠭᠡ ᠪᠠ ᠮᠡᠳᠡᠯᠭᠡ ᠶᠢᠨ ᠤᠷᠤᠯᠲᠤᠭᠠᠨ ᠦᠪᠦᠷ ᠮᠤᠩᠭ᠋ᠤᠯ ᠤᠨ ᠤᠯᠠᠭᠠᠬᠠᠨᠲᠠ ᠬᠤᠲᠠ ᠶᠢᠨ ᠬᠡᠰᠢᠭᠲᠡᠨ ᠬᠤᠰᠢᠭᠤᠨ ᠤ ᠲᠠᠷᠬᠠᠨ᠋ᠠᠭᠤᠯᠠ ᠭᠤᠤᠯ ᠪᠦᠷᠢᠨ ᠪᠠᠭ᠎ᠠ ᠰᠤᠷᠭᠠᠭᠤᠯᠢ ᠳ᠋ᠤ ᠲᠡᠭᠦᠰ ᠠᠮᠵᠢᠯᠲᠠ ᠲᠠᠢ ᠶᠠᠪᠤᠭᠲᠠᠪᠠ᠃ ᠤᠷᠤᠯᠲᠤᠭᠠᠨ ᠢ ᠲᠠᠷᠬᠠᠨ᠋ᠠᠭᠤᠯᠠ ᠭᠤᠤᠯ ᠪᠦᠷᠢᠨ ᠪᠠᠭ᠎ᠠ ᠰᠤᠷᠭᠠᠭᠤᠯᠢ ᠡᠴᠡ ᠡᠷᠬᠢᠯᠡᠵᠦ᠂ ᠠᠷᠪᠠᠲᠤᠭᠠᠷ ᠰᠤᠷᠬᠤ ᠲᠤᠭᠤᠷᠢᠭ ᠤᠨ ᠬᠡᠪᠴᠢᠶᠠᠨ ᠳ᠋ᠤ ᠶᠠᠪᠤᠭᠲᠠᠵᠠᠢ᠃ ᠤᠷᠤᠯᠲᠤᠭᠠᠨ ᠳ᠋ᠤ ᠪᠠᠶᠠᠨᠴᠠᠭᠠᠨ ᠪᠦᠷᠢᠨ ᠪᠠᠭ᠎ᠠ ᠰᠤᠷᠭᠠᠭᠤᠯᠢ᠂ ᠪᠠᠶᠠᠩᠭ᠋ᠤᠤᠯ ᠪᠦᠷᠢᠨ ᠪᠠᠭ᠎ᠠ ᠰᠤᠷᠭᠠᠭᠤᠯᠢ᠂ ᠪᠠᠶᠠᠨᠮᠡᠨᠳᠦ ᠪᠠᠭ᠎ᠠ ᠰᠤᠷᠭᠠᠭᠤᠯᠢ᠂ ᠲᠠᠷᠬᠠᠨ᠋ᠠᠭᠤᠯᠠ ᠭᠤᠤᠯ ᠪᠦᠷᠢᠨ ᠪᠠᠭ᠎ᠠ ᠰᠤᠷᠭᠠᠭᠤᠯᠢ ᠶᠢᠨ 35 ᠰᠤᠷᠤᠭᠴᠢ ᠤᠷᠤᠯᠴᠠᠵᠠᠢ᠃

    ᠵᠦᠪ ᠪᠢᠴᠢᠯᠭᠡ ᠶᠢᠨ ᠤᠷᠤᠯᠲᠤᠭᠠᠨ ᠨᠢ ᠮᠤᠩᠭ᠋ᠤᠯ ᠲᠠᠩ ᠦᠭᠡ ᠶᠢ ᠰᠤᠨᠤᠰᠤᠨ ᠪᠢᠴᠢᠬᠦ ᠬᠡᠯᠪᠡᠷᠢ ᠪᠡᠷ ᠶᠠᠪᠤᠭᠲᠠᠵᠤ᠂ ᠪᠠᠶᠠᠩᠭ᠋ᠤᠤᠯ ᠪᠦᠷᠢᠨ ᠪᠠᠭ᠎ᠠ ᠰᠤᠷᠭᠠᠭᠤᠯᠢ ᠶᠢᠨ ᠤᠷᠭ᠎ᠠ ᠲᠡᠷᠢᠭᠦᠯᠡᠵᠡᠢ᠃ ᠮᠡᠲᠡᠯᠭᠡ ᠶᠢᠨ ᠤᠷᠤᠯᠲᠤᠭᠠᠨ ᠨᠢ ᠨᠤᠲᠤᠭ ᠤᠰᠤᠨ ᠤ ᠵᠠᠩ ᠵᠠᠩᠰᠢᠯ᠂ ᠲᠡᠦᠬᠡ ᠰᠤᠶᠤᠯ ᠳ᠋ᠤ ᠬᠤᠯᠪᠤᠭᠲᠠᠭᠰᠠᠨ ᠰᠡᠳᠦᠪ ᠬᠠᠷᠢᠭᠤᠯᠲᠠ ᠶᠢᠨ ᠬᠡᠯᠪᠡᠷᠢ ᠪᠡᠷ ᠶᠠᠪᠤᠭᠲᠠᠵᠤ᠂ ᠲᠠᠷᠬᠠᠨ᠋ᠠᠭᠤᠯᠠ ᠭᠤᠤᠯ ᠪᠦᠷᠢᠨ ᠪᠠᠭ᠎ᠠ ᠰᠤᠷᠭᠠᠭᠤᠯᠢ ᠶᠢᠨ ᠬᠠᠲᠠ ᠲᠡᠷᠢᠭᠦᠯᠡᠵᠡᠢ᠃ ( ᠮᠦᠩᠬᠡᠪᠠᠭᠠᠲᠤᠷ)

ᠢᠷᠡᠯᠳᠡ᠄ ᠤᠯᠠᠭᠠᠨ ᠬᠠᠲᠠ ᠶᠢᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119935347