蒙古文网站Logo
ᠰᠢᠨᠬᠤᠸᠠ ᠮᠤᠩᠭ᠋ᠤᠯ ᠨᠧᠲ

ᠪᠠᠢᠢᠷᠢ ᠶᠢᠨ ᠤᠶᠤᠲᠠᠳ ᠨᠡᠢᠢᠲᠡ ᠪᠡᠷ ᠶᠢᠡᠨ ᠲᠦᠷᠦ ᠶᠢᠨ ᠵᠤᠷᠢᠭᠵᠢᠭᠤᠯᠤᠯ ᠤᠨ ᠱᠠᠩᠨᠠᠯ ᠤᠨ ᠮᠦᠩᠬᠦ ᠬᠦᠷᠲᠡᠪᠡ

2016-11-21 17:25

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 11 ᠰᠠᠷ᠎ᠠ ᠶᠢᠨ 21 ᠤ ᠡᠲᠦᠷ ᠤᠨ ᠴᠠᠬᠢᠯᠭᠠᠨ ᠮᠡᠲᠡᠭᠡ ( ᠬ·ᠦᠵᠡᠰᠭᠦᠯᠡᠩ ) ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠨᠢᠭᠡ ᠡᠮᠡᠭᠲᠡᠢ ᠪᠠᠢᠢᠷᠢ ᠶᠢᠨ ᠨᠡᠢᠢᠲᠡ ᠤᠶᠤᠲᠠᠳ ᠲᠦᠷᠦ ᠶᠢᠨ ᠵᠤᠷᠢᠭᠵᠢᠭᠤᠯᠤᠯ ᠤᠨ ᠱᠠᠩᠨᠠᠯ ᠤᠨ ᠮᠦᠩᠬᠦ ᠶᠢ ᠬᠦᠷᠲᠡᠪᠡ᠃

    ᠤᠢᠢᠯᠠᠭᠠᠭᠰᠠᠨ ᠶᠢᠡᠷ᠂ ᠲᠦᠷᠦ ᠶᠢᠨ ᠵᠤᠷᠢᠭᠵᠢᠭᠤᠯᠤᠯ ᠤᠨ ᠱᠠᠩᠨᠠᠯ ᠤᠨ ᠮᠦᠩᠬᠦ ᠬᠦᠷᠲᠡᠭᠰᠡᠨ 8 ᠤᠶᠤᠲᠠᠨ ᠪᠤᠯ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠠᠵᠤ ᠠᠬᠤᠢ ᠶᠢᠨ ᠰᠠᠯᠪᠤᠷᠢ ᠶᠢᠨ 2013 ᠤᠨ ᠤ ᠲᠠᠲᠠᠪᠤᠷᠢ ᠬᠤᠷᠢᠶᠠᠮᠵᠢ ᠶᠢᠨ ᠤᠬᠠᠭᠠᠨ ᠤ ᠬᠤᠶᠠᠲᠤᠭᠠᠷ ᠠᠩᠬᠢ ᠶᠢᠨ ᠤᠶᠤᠲᠠᠳ ᠪᠤᠯᠤᠨ᠎ᠠ᠃ ᠡᠳᠡᠭᠡᠷ ᠤᠶᠤᠲᠠᠳ ᠰᠤᠷᠭᠠᠭᠤᠯᠢ ᠳ᠋ᠤ ᠤᠷᠤᠭᠰᠠᠨ ᠴᠠᠭ ᠡᠴᠡ ᠪᠠᠨ ᠬᠢᠴᠢᠶᠠᠯ ᠰᠤᠷᠤᠯᠭ᠎ᠠ ᠳ᠋ᠠᠭᠠᠨ ᠴᠢᠷᠮᠠᠢᠢᠯᠲᠠ ᠲᠠᠢ᠂ ᠲᠤᠰᠬᠠᠢ ᠮᠡᠷᠭᠡᠵᠢᠯ ᠤᠨ ᠬᠢᠴᠢᠶᠠᠯ ᠶᠢᠡᠨ ᠰᠠᠢᠢᠲᠦᠷ ᠰᠤᠷᠤᠯᠴᠠᠬᠤ ᠶᠢᠨ ᠲᠠᠭᠠᠤ ᠦᠢᠯᠡᠳᠦᠯᠭᠡ ᠳ᠋ᠤ ᠤᠷᠤᠯᠴᠠᠬᠰᠠᠨ ᠶᠢᠡᠷ ᠪᠠᠢᠢᠷᠢ ᠶᠢᠨ ᠭᠤᠷᠪᠠᠨ ᠤᠶᠤᠲᠠᠨ ᠠᠩ᠍ᠭ᠍ᠯᠢ ᠬᠡᠯᠡᠨ ᠤ ᠲᠦᠷᠪᠡᠨ ᠲᠡᠰ ᠤᠨ ᠰᠢᠯᠭᠠᠯᠲᠠ ᠶᠢ ᠦᠩᠭᠡᠷᠡᠭᠡᠵᠦ᠂ ᠲᠤᠯᠤᠭᠠᠨ ᠤᠶᠤᠲᠠᠨ ᠨᠠᠷᠢᠨ ᠪᠢᠴᠢᠭᠡᠴᠢ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠦᠨᠡᠯᠡᠯᠲᠡ ᠶᠢ ᠦᠩᠭᠡᠷᠡᠭᠡᠵᠦ᠂ ᠭᠤᠷᠪᠠᠨ ᠤᠶᠤᠲᠠᠨ ᠨᠠᠷᠢᠨ ᠪᠢᠴᠢᠭᠡᠴᠢ ᠶᠢᠨ ᠠᠩᠬ᠎ᠠ ᠵᠡᠷᠭᠡ ᠶᠢᠨ ᠬᠢᠷᠢ ᠬᠡᠮ ᠤᠨ ᠦᠨᠡᠮᠯᠡᠯ ᠢ ᠰᠢᠯᠭᠠᠨ ᠦᠩᠭᠡᠷᠡᠭᠡᠪᠡ᠃

    ᠲᠠᠷᠠᠭᠠᠴᠢ ᠶᠢᠨ ᠬᠠᠷᠠᠯᠲᠠ ᠶᠢᠨ ᠢᠢᠡᠨ ᠲᠤᠬᠠᠢ ᠤᠶᠤᠲᠠᠨ ᠶᠢᠩ ᠭ᠍ᠸ ᠬᠡᠯᠡᠬᠦ ᠳ᠋ᠡᠭᠡᠨ᠄《ᠬᠠᠷᠠᠯᠲᠠ ᠲᠤᠲᠤᠷᠬᠠᠢ᠂ ᠪᠠᠢᠢᠷᠢ ᠶᠢᠨ ᠨᠦᠬᠦᠳ ᠤᠨ ᠴᠢᠭᠯᠡᠯᠲᠡ ᠲᠤᠲᠤᠷᠬᠠᠢ ᠪᠠᠢᠢᠲᠠᠭ᠃ ᠮᠠᠨᠠᠢᠢᠬᠢᠨ ᠤ ᠵᠠᠷᠢᠮ ᠨᠢ ᠠᠰᠫᠢᠷᠠᠨᠲ ᠰᠢᠯᠭᠠᠭᠤᠯᠬᠤ ᠪᠤᠶᠤ ᠲᠦᠷᠦ ᠶᠢᠨ ᠠᠯᠪᠠᠲᠠᠨ ᠰᠢᠯᠭᠠᠬᠤ ᠰᠠᠨᠠᠭ᠎ᠠ ᠲᠠᠢ᠂ ᠪᠠᠰᠠ ᠵᠠᠷᠢᠮ ᠨᠢ ᠪᠦᠷᠢᠳᠭᠡᠯ ᠲᠠᠢ ᠨᠠᠷᠢᠨ ᠪᠢᠴᠢᠭᠡᠴᠢ ᠰᠢᠯᠭᠠᠭᠤᠯᠬᠤ ᠰᠠᠨᠠᠭ᠎ᠠ ᠲᠠᠢ ᠪᠠᠢᠢᠨ᠎ᠠ᠃ ᠪᠢᠲᠡ ᠪᠦᠬᠦᠨ ᠢᠷᠡᠭᠡᠲᠦᠢ ᠳ᠋ᠡᠭᠡᠨ ᠮᠠᠰᠢ ᠢᠲᠡᠭᠡᠯ ᠲᠠᠢ ᠪᠠᠢᠢᠨ᠎ᠠ》ᠭᠡᠵᠡᠢ᠃

    ᠲᠦᠷᠦ ᠶᠢᠨ ᠵᠤᠷᠢᠭᠵᠢᠭᠤᠯᠤᠯ ᠤᠨ ᠱᠠᠩᠨᠠᠯ ᠤᠨ ᠮᠦᠩᠬᠦ ᠪᠤᠯ ᠰᠤᠷᠤᠯᠭ᠎ᠠ ᠶᠢᠨ ᠲᠡᠳᠬᠦᠮᠵᠢ ᠶᠢᠨ ᠮᠦᠩᠬᠦᠨ ᠤ ᠨᠢᠭᠡ ᠲᠦᠷᠦᠯ ᠪᠤᠯᠤᠨ᠎ᠠ᠃ ᠲᠦᠪ ᠤᠨ ᠪᠠ ᠤᠷᠤᠨ ᠨᠤᠲᠤᠭ ᠤᠨ ᠵᠠᠰᠠᠭ ᠤᠨ ᠭᠠᠵᠠᠷ ᠬᠠᠮᠲᠤᠷᠠᠨ ᠶᠡᠬᠡ ᠲᠡᠭᠡᠳᠦ ᠰᠤᠷᠭᠠᠭᠤᠯᠢ ᠶᠢᠨ ᠠᠮᠢᠲᠤᠷᠠᠯ ᠬᠦᠴᠢᠷᠲᠡᠢ᠂ ᠬᠢᠴᠢᠶᠠᠯ ᠰᠤᠷᠤᠯᠭ᠎ᠠ ᠳ᠋ᠠᠭᠠᠨ ᠴᠢᠷᠮᠠᠢᠢᠯᠲᠠ ᠲᠠᠢ ᠤᠶᠤᠲᠠᠳ ᠢ ᠵᠤᠷᠢᠭᠵᠢᠭᠤᠯᠬᠤ ᠪᠡᠷ ᠲᠤᠬᠢᠷᠠᠭᠤᠯᠤᠭᠰᠠᠨ ᠱᠠᠩᠨᠠᠯ ᠤᠨ ᠮᠦᠩᠬᠦ ᠪᠤᠯᠤᠨ᠎ᠠ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119957312