蒙古文网站Logo
ᠰᠢᠨᠬᠤᠸᠠ ᠮᠤᠩᠭ᠋ᠤᠯ ᠨᠧᠲ

ᠲᠤᠮᠲᠠᠲᠤ ᠤᠯᠤᠰ ᠤᠨ 53 ᠶᠡᠬᠡ ᠲᠡᠭᠡᠳᠦ ᠰᠤᠷᠭᠠᠭᠤᠯᠢ QS ᠶᠡᠬᠡ ᠲᠡᠭᠡᠳᠦ ᠰᠤᠷᠭᠠᠭᠤᠯᠢ ᠶᠢᠨ ᠤᠶᠤᠲᠠᠳ ᠤᠨ ᠠᠵᠢᠯ ᠤᠯᠭᠤᠯᠲᠠ ᠶᠢᠨ 300 ᠬᠦᠴᠦᠷᠭᠡᠭ᠌ ᠶᠢᠡᠷ ᠲᠤᠲᠤᠷᠠᠪᠠ

2016-11-24 17:27

    ᠰᠢᠨᠬᠤᠸᠠ ᠬᠤᠷᠢᠶ᠎ᠠ   ᠯᠤᠨᠲᠤᠨ ᠤ 11 ᠰᠠᠷ᠎ᠠ ᠶᠢᠨ 23 ᠤ ᠡᠲᠦᠷ ᠤᠨ ᠲᠤᠰᠬᠠᠢ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠠᠩ ᠵᠢᠶᠠ ᠸᠸᠢ ) ᠠᠩᠭ᠍ᠯᠢ ᠶᠢᠨ QS ᠲᠡᠯᠡᠬᠡᠢ ᠶᠢᠨ ᠰᠤᠷᠭᠠᠨ ᠬᠦᠮᠦᠵᠢᠯ ᠤᠨ ᠪᠦᠯᠦᠭᠯᠡᠯ ᠤᠨ 23 ᠤ ᠡᠲᠦᠷ ᠨᠡᠢᠢᠲᠡᠯᠡᠭᠰᠡᠨ 《QS ᠲᠡᠯᠡᠬᠡᠢ ᠶᠢᠨ ᠶᠡᠬᠡ ᠰᠤᠷᠭᠠᠭᠤᠯᠢ ᠶᠢᠨ ᠤᠶᠤᠲᠠᠳ ᠤᠨ ᠠᠵᠢᠯ ᠤᠯᠭᠤᠯᠲᠠ ᠶᠢᠨ ᠵᠢᠭ‍ᠰᠠᠭᠠᠯᠲᠠ》 ᠳ᠋ᠤ ᠮᠠᠨ ᠤ ᠤᠯᠤᠰ ᠤᠨ 53 ᠶᠡᠬᠡ ᠲᠡᠭᠡᠳᠦ ᠰᠤᠷᠭᠠᠭᠤᠯᠢ 300 ᠬᠦᠴᠦᠷᠬᠡᠭ᠌ ᠲᠤ ᠲᠤᠲᠤᠷᠠᠨ᠂ ᠴᠢᠩᠬᠤᠸᠠ ᠶᠡᠬᠡ ᠰᠤᠷᠭᠠᠭᠤᠯᠢ ᠭᠤᠷᠪᠠᠳ᠋ᠤᠭᠠᠷ ᠲᠦ ᠲᠤᠲᠤᠷᠠᠪᠠ᠃

    ᠴᠢᠩᠬᠤᠸᠠ ᠶᠡᠬᠡ ᠰᠤᠷᠭᠠᠭᠤᠯᠢ ᠡᠴᠨ ᠭᠠᠲᠠᠨ᠎ᠠ ᠹᠦᠲᠠᠨ ᠶᠡᠬᠡ ᠰᠤᠷᠭᠠᠭᠤᠯᠢ᠂ ᠰᠢᠶᠠᠩᠭ᠋ᠠᠩ ᠶᠡᠬᠡ ᠰᠤᠷᠭᠠᠭᠤᠯᠢ ᠵᠡᠷᠭᠡ ᠰᠤᠷᠭᠠᠭᠤᠯᠢ ᠡᠮᠦᠨ᠎ᠡ 20 ᠳ᠋ᠤ ᠲᠤᠲᠤᠷᠠᠪᠠ᠃

    QSᠲᠡᠯᠡᠬᠡᠢ ᠶᠢᠨ ᠰᠤᠷᠭᠠᠨ ᠬᠦᠮᠦᠵᠢᠯ ᠤᠨ ᠪᠦᠯᠦᠭᠯᠡᠯ 1990 ᠤᠨ ᠳ᠋ᠤ ᠪᠠᠢᠢᠭᠤᠯᠤᠭᠲᠠᠵᠤ᠂ ᠵᠢᠯ ᠪᠦᠷᠢ ᠶᠢᠨ ᠲᠤᠭᠲᠠᠭᠰᠠᠨ ᠬᠤᠭᠤᠴᠠᠭᠠᠨ ᠳᠤ ᠶᠡᠬᠡ ᠲᠡᠭᠡᠳᠦ ᠰᠤᠷᠭᠠᠭᠤᠯᠢ ᠲᠠᠢ ᠬᠠᠮᠢᠶᠠᠲᠠᠢ ᠵᠢᠭ‍ᠰᠠᠭᠠᠯᠲᠠ ᠶᠢ ᠨᠡᠢᠢᠲᠡᠯᠡᠲᠡᠭ᠃《QS ᠲᠡᠯᠡᠬᠡᠢ ᠶᠢᠨ ᠶᠡᠬᠡ ᠰᠤᠷᠭᠠᠭᠤᠯᠢ ᠶᠢᠨ ᠤᠶᠤᠲᠠᠳ ᠤᠨ ᠠᠵᠢᠯ ᠤᠯᠭᠤᠯᠲᠠ ᠶᠢᠨ ᠵᠢᠭ‍ᠰᠠᠭᠠᠯᠲᠠ》᠂《ᠲᠸᠮᠰ ᠲᠡᠯᠡᠬᠡᠢ ᠶᠢᠨ ᠶᠡᠬᠡ ᠲᠡᠭᠡᠳᠦ ᠰᠤᠷᠭᠠᠭᠤᠯᠢ ᠶᠢᠨ ᠵᠢᠭ‍ᠰᠠᠭᠠᠯᠲᠠ》ᠵᠢᠴᠢ《ᠲᠡᠯᠡᠬᠡᠢ ᠶᠢᠨ ᠶᠡᠬᠡ ᠲᠡᠭᠡᠳᠦ ᠰᠤᠷᠭᠠᠭᠤᠯᠢ ᠶᠢᠨ ᠡᠷᠲᠡᠮ ᠰᠢᠨᠵᠢᠯᠡᠭᠡᠨ ᠤ ᠵᠢᠭ‍ᠰᠠᠭᠠᠯᠲᠠ》 ᠨᠢ ᠲᠡᠯᠡᠬᠡᠢ ᠶᠢᠨ ᠭᠤᠷᠪᠠᠨ ᠲᠤᠮᠤ ᠨᠦᠯᠦᠭᠡᠯᠡᠬᠦ ᠬᠦᠴᠦᠨ ᠪᠦᠬᠦᠢ ᠶᠡᠬᠡ ᠲᠡᠭᠡᠳᠦ ᠰᠤᠷᠭᠠᠭᠤᠯᠢ ᠶᠢᠨ ᠵᠢ‍ᠭᠰᠠᠭᠠᠯᠲᠠ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119984782