蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭᠣᠯ ᠢᠷᠡᠬᠦ ᠵᠢᠯ ᠠᠯᠪᠠᠨ ᠡᠴᠡ ᠡᠷᠬᠢᠯᠡᠭᠰᠡᠨ ᠡᠩ ᠤᠨ ᠶᠡᠬᠡ ᠳᠡᠭᠡᠲᠤ ᠰᠤᠷᠭᠠᠭᠤᠯᠢ ᠶᠢᠨ ᠰᠤᠷᠤᠯᠭ᠎ᠠ ᠶᠢᠨ ᠲᠦᠯᠦᠪᠦᠷᠢ ᠳᠤ ᠲᠤᠬᠢᠷᠠᠭᠤᠯᠤᠯᠲᠠ ᠬᠢᠨ᠎ᠠ

2016-11-24 17:35

    ᠰᠤᠷᠪᠤᠯᠵᠢᠯᠠᠭᠴᠢ ᠥᠪᠦᠷ ᠮᠣᠩᠭᠣᠯ ᠤᠨ ᠥᠪᠡᠷᠲᠡᠭᠡᠨ ᠵᠠᠰᠠᠬᠤ ᠤᠷᠤᠨ ᠤ ᠥᠭᠡᠷᠡᠴᠢᠯᠡᠯᠲᠠ ᠬᠦᠭ᠍ᠵᠢᠭᠦᠯᠦᠯᠲᠠ ᠶᠢᠨ ᠵᠦᠪᠯᠡᠯ ᠡᠴᠡ ᠤᠶᠢᠯᠠᠭᠠᠭᠰᠠᠨ ᠢᠶᠡᠷ᠂ ᠥᠪᠦᠷ ᠮᠣᠩᠭᠣᠯ ᠤᠨ ᠦᠨᠳᠦᠷ ᠵᠡᠷᠬᠡ ᠶᠢᠨ ᠪᠤᠯᠪᠠᠰᠤᠷᠠᠯ ᠤᠨ ᠤᠶᠢᠯᠡᠰ ᠤᠨ ᠡᠷᠡᠭᠦᠯ ᠬᠦᠭ᠍ᠵᠢᠯᠲᠠ ᠶᠢ ᠠᠬᠢᠭᠤᠯᠵᠤ᠂ ᠶᠡᠬᠡ ᠳᠡᠭᠡᠲᠤ ᠰᠤᠷᠭᠠᠭᠤᠯᠢ  ᠶᠢᠨ ᠲᠦᠯᠦᠪᠦᠷᠢ ᠶᠢᠨ ᠪᠠᠷᠢᠮᠵᠢᠶ᠎ᠠ ᠶᠢ ᠳᠦᠷᠢᠮᠵᠢᠬᠦᠯᠬᠦ ᠶᠢᠨ ᠲᠦᠯᠦᠬᠡ᠂ 2017 ᠤᠨ ᠤ ᠨᠠᠮᠦᠷ ᠤᠨ ᠰᠢᠨ᠎ᠠ ᠰᠤᠷᠤᠯᠭ᠎ᠠ ᠶᠢᠨ ᠬᠤᠭᠤᠴᠠᠭ᠎ᠠ ᠡᠴᠡ ᠡᠬᠢᠯᠡᠨ ᠥᠪᠦᠷ ᠮᠣᠩᠭᠣᠯ ᠠᠯᠪᠠᠨ ᠡᠴᠡ ᠡᠷᠬᠢᠯᠡᠭᠰᠡᠨ ᠡᠩ ᠤᠨ ᠶᠡᠬᠡ ᠳᠡᠭᠡᠲᠤ ᠰᠤᠷᠭᠠᠭᠤᠯᠢ ᠶᠢᠨ ᠰᠤᠷᠤᠯᠭ᠎ᠠ ᠶᠢᠨ ᠲᠦᠯᠦᠪᠦᠷᠢ ᠳᠤ ᠲᠤᠬᠢᠷᠠᠭᠤᠯᠤᠯᠲᠠ ᠬᠢᠬᠦ ᠪᠡᠷ ᠪᠤᠯᠤᠯ᠎ᠠ᠃

    ᠤᠶᠢᠯᠠᠭᠠᠭᠰᠠᠨ ᠢᠶᠡᠷ᠂ ᠠᠯᠪᠠᠨ ᠡᠴᠡ ᠡᠷᠬᠢᠯᠡᠭᠰᠡᠨ ᠡᠩ ᠤᠨ ᠶᠡᠬᠡ ᠳᠡᠭᠡᠲᠤ ᠰᠤᠷᠭᠠᠭᠤᠯᠢ ᠶᠢᠨ ᠦᠨᠳᠤᠰᠤᠨ ᠠᠩᠬᠢ ᠶᠢᠨ ᠰᠤᠷᠤᠯᠭ᠎ᠠ ᠶᠢᠨ ᠲᠦᠯᠦᠪᠦᠷᠢ (ᠵᠢᠯ ᠪᠦᠷᠢ) ᠶᠢ ᠲᠤᠰᠬᠠᠢ ᠮᠡᠷᠭᠡᠵᠢᠯ ᠤᠨ ᠲᠦᠷᠦᠯ ᠢᠶᠡᠷ ᠨᠢᠬᠡᠳᠭᠡᠭ᠍ᠰᠡᠨ ᠤ ᠲᠠᠷᠠᠭ᠎ᠠ ᠰᠤᠶᠤᠯ ᠲᠡᠤᠬᠡ ᠶᠢᠨ ᠲᠦᠷᠦᠯ 4200 ᠲᠦᠭᠦᠷᠢᠭ᠌᠂ ᠡᠳ᠋ ᠤᠨ ᠵᠠᠰᠠᠭ ᠠᠵᠤ ᠠᠬᠤᠢ ᠶᠢᠨ ᠲᠦᠷᠦᠯ 4400 ᠲᠦᠭᠦᠷᠢᠭ᠌᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠠᠵᠤ ᠦᠢᠯᠡᠳᠪᠦᠷᠢ ᠪᠠ ᠬᠦᠳᠡᠬᠡ ᠠᠵᠤ ᠠᠬᠤᠢ ᠶᠢᠨ ᠲᠦᠷᠦᠯ 4600 ᠲᠦᠭᠦᠷᠢᠭ᠌᠂ ᠠᠨᠠᠭᠠᠬᠤ ᠤᠬᠠᠭᠠᠨ ᠤ ᠲᠦᠷᠦᠯ  5000 ᠲᠦᠭᠦᠷᠢᠭ᠌᠂ ᠤᠷᠠᠯᠢᠭ ᠤᠨ ᠲᠦᠷᠦᠯ ᠤᠨ(ᠲᠠᠮᠢᠷ ᠤᠨ ᠲᠦᠷᠦᠯ ᠪᠠᠭᠲᠠᠨ᠎ᠠ) ᠳᠦᠯᠦᠪᠦᠷᠢ ᠶᠢ 7200 ᠲᠦᠭᠦᠷᠢᠭ᠌  ᠡᠴᠡ ᠬᠡᠲᠦᠷᠡᠭᠦᠯᠬᠦ ᠦᠬᠡᠢ ᠬᠡᠵᠤ ᠳᠤᠭᠳᠠᠭᠠᠵᠠᠢ᠃ ᠰᠤᠷᠤᠯᠭ᠎ᠠ ᠶᠢᠨ ᠬᠤᠪᠢ ᠶᠢᠨ ᠲᠦᠷᠢᠮ ᠢᠶᠡᠷ ᠲᠦᠯᠦᠪᠦᠷᠢ ᠬᠣᠷᠢᠶᠠᠬᠤ ᠰᠤᠷᠭᠠᠭᠤᠯᠢ ᠪᠤᠯ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠲᠦᠯᠦᠪᠦᠷᠢ ᠪᠤᠯᠤᠨ ᠰᠤᠷᠤᠯᠭ᠎ᠠ ᠶᠢᠨ ᠬᠤᠪᠢ ᠶᠢᠨ ᠰᠤᠷᠤᠯᠭ᠎ᠠ ᠶᠢᠨ ᠲᠦᠯᠦᠪᠦᠷᠢ ᠬᠡᠵᠤ ᠬᠤᠶᠠᠷ ᠬᠡᠰᠡᠭ ᠬᠤᠪᠢᠶᠠᠨ ᠬᠤᠷᠢᠶᠠᠬᠤ ᠶᠤᠰᠤᠲᠠᠢ᠂ ᠭᠡᠪᠡᠴᠤ ᠨᠠᠶᠢᠲᠠ ᠲᠦᠯᠦᠪᠦᠷᠢ ᠨᠢ ᠲᠤᠭᠲᠠᠭᠰᠠᠨ ᠪᠠᠷᠢᠮᠵᠢᠶ᠎ᠠ ᠡᠴᠡ ᠬᠡᠲᠤᠷᠠᠵᠤ ᠪᠤᠯᠬᠤ ᠦᠬᠡᠢ᠃

    ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠡᠷ᠂ ᠥᠪᠦᠷ ᠮᠣᠩᠭᠣᠯ ᠤᠨ ᠶᠡᠬᠡ ᠰᠤᠷᠭᠠᠭᠤᠯᠢ ᠶᠢᠨ ᠰᠤᠷᠤᠯᠭ᠎ᠠ ᠶᠢᠨ ᠲᠦᠯᠦᠪᠦᠷᠢ ᠨᠢ ᠥᠪᠡᠷᠲᠡᠭᠡᠨ ᠵᠠᠰᠠᠬᠤ ᠤᠷᠤᠨ ᠤ ᠨᠢᠭᠡᠳᠤᠯᠲᠠᠢ ᠰᠤᠷᠤᠯᠭ᠎ᠠ ᠶᠢᠨ ᠲᠦᠯᠦᠪᠦᠷᠢ ᠶᠢᠨ ᠪᠠᠷᠢᠮᠵᠢᠶᠠᠨ ᠡᠴᠡ 10% ᠬᠤᠪᠢ  ᠦᠨᠳᠦᠷ ᠪᠠᠶᠢᠵᠤ ᠪᠤᠯᠤᠨ᠎ᠠ (ᠤᠷᠠᠯᠢᠭ ᠤᠨ ᠲᠦᠷᠦᠯ ᠢ ᠪᠠᠭᠲᠠᠭᠠᠬᠤ ᠦᠬᠡᠢ)᠃ ᠡᠩ ᠤᠨ ᠦᠨᠳᠤᠰᠤᠨ ᠠᠩᠬᠢ ᠶᠢᠨ ᠶᠡᠬᠡ ᠳᠡᠭᠡᠲᠤ ᠰᠤᠷᠭᠠᠭᠤᠯᠢ ᠡᠴᠡ ᠡᠷᠬᠢᠯᠡᠭᠰᠡᠨ ᠤᠨᠴᠠᠭᠠᠢ ᠰᠤᠷᠭᠠᠭᠤᠯᠢ(ᠵᠢᠱᠢᠶᠡᠯᠡᠪᠡᠯ ᠳᠤᠮᠳᠠᠳᠤ ᠭᠠᠳᠠᠭᠠᠲᠤ ᠡᠴᠡ  ᠬᠠᠮᠲᠤᠷᠠᠨ ᠡᠷᠬᠢᠯᠡᠭᠰᠡᠨ ᠰᠤᠷᠭᠠᠭᠤᠯᠢ᠂ ᠰᠤᠷᠭᠠᠭᠤᠯᠢ ᠠᠵᠤ ᠠᠬᠤᠶᠢᠯᠠᠯ ᠬᠠᠮᠲᠤᠷᠠᠵᠤ ᠡᠷᠬᠢᠯᠡᠭᠰᠡᠨ ᠰᠤᠷᠭᠠᠭᠤᠯᠢ) ᠶᠢᠨ ᠰᠤᠷᠤᠯᠭ᠎ᠠ ᠶᠢᠨ ᠲᠦᠯᠦᠪᠦᠷᠢ ᠶᠢ ᠥᠪᠡᠷᠲᠡᠭᠡᠨ ᠵᠠᠰᠠᠬᠤ ᠤᠷᠤᠨ ᠤ ᠥᠭᠡᠷᠡᠴᠢᠯᠡᠯᠲᠠ ᠬᠦᠭ᠍ᠵᠢᠭᠦᠯᠦᠯᠲᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠡᠴᠡ ᠥᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠰᠠᠨᠠᠯ ᠤᠨ ᠳᠠᠭᠠᠤ ᠲᠤᠰᠠᠭᠠᠷ ᠬᠢᠨᠠᠨ ᠲᠤᠭᠲᠠᠭᠠᠨ᠎ᠠ᠃

ᠢᠷᠡᠯᠳᠡ᠄ ᠥᠪᠦᠷ ᠮᠣᠩᠭᠣᠯ ᠤᠨ ᠥᠷᠯᠦᠭᠡᠨ ᠤ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119984839