微信打开
蒙古文网站Logo
ᠰᠢᠨᠬᠤᠸᠠ ᠮᠤᠩᠭ᠋ᠤᠯ ᠨᠧᠲ

ᠱᠠᠭ᠎ᠠ ᠨᠠᠭᠠᠳᠤᠮ ᠢ ᠤᠶᠤᠳᠠᠳ ᠤᠨ ᠪᠠᠶ᠎ᠠ ᠶᠢᠨ ᠳᠠᠮᠢᠷ ᠤᠨ ᠳᠤᠰᠬᠠᠢ ᠲᠦᠷᠦᠯ ᠤᠨ ᠬᠢᠴᠢᠶᠡᠯ ᠶᠢᠡᠷ ᠨᠡᠭᠡᠭᠡᠬᠦ ᠭᠡᠵᠦ ᠪᠤᠢ

2016-11-24 17:42

    ᠰᠢᠨᠬᠤᠸᠠ ᠮᠣᠩᠭᠣᠯ ᠨᠧᠲ  ᠬᠦᠬᠡᠬᠤᠲᠠ ᠶᠢᠨ 11 ᠰᠠᠷ᠎ᠠ ᠶᠢᠨ 24  ᠤ ᠡᠳᠦᠷ ᠤᠨ ᠴᠠᠬᠢᠯᠭᠠᠨ ᠮᠡᠳᠡᠭᠡ (ᠬ•ᠦᠵᠡᠰᠬᠦᠯᠡᠩ᠂ ᠬᠡᠤᠬᠡᠨᠰᠤᠯᠢ᠂ ᠳᠠᠶᠢᠴᠢᠨ) 23 ᠤ ᠤᠷᠤᠢ᠂ ᠱᠠᠭ᠎ᠠ ᠨᠠᠭᠠᠳᠤᠮ ᠢ ᠪᠠᠶ᠎ᠠ ᠶᠢᠨ ᠳᠠᠮᠢᠷ ᠤᠨ ᠳᠤᠰᠬᠠᠢ ᠲᠦᠷᠦᠯ ᠤᠨ ᠬᠢᠴᠢᠶᠡᠯ ᠪᠤᠯᠭᠠᠬᠤ ᠪᠡᠷ ᠪᠡᠯᠡᠳᠬᠡᠵᠤ ᠪᠠᠶᠢᠭ᠎ᠠ ᠬᠦᠬᠡᠬᠤᠳᠠ ᠦᠨᠳᠦᠰᠦᠳᠡᠨ ᠤ ᠳᠡᠬᠡᠳᠦ ᠰᠤᠷᠭᠠᠭᠤᠯᠢ ᠠᠯᠲᠠᠨᠴᠡᠴᠡᠭ᠂ ᠬᠦᠮᠦᠵᠢᠯᠲᠤ ᠬᠤᠶᠠᠷ ᠮᠠᠯᠴᠢᠨ ᠢ ᠤᠷᠢᠵᠤ ᠤᠶᠤᠳᠠᠳ ᠲᠠᠭᠠᠨ ᠱᠠᠭ᠎ᠠ ᠨᠠᠭᠠᠳᠤᠮ᠂ ᠱᠠᠭ᠎ᠠ ᠶᠢᠨ ᠰᠤᠶᠤᠯ ᠤᠨ ᠲᠤᠭᠤᠷᠢᠨ ᠳ᠋ᠤ ᠬᠢᠴᠢᠶᠡᠯᠯᠡᠬᠦᠯᠦᠯ᠎ᠡ᠃ ᠠᠯᠲᠠᠨᠴᠡᠴᠡᠭ ᠪᠤᠯ ᠦᠪᠦᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤᠨ ᠤ ᠬᠢᠯᠭᠠᠰᠤᠨ ᠰᠤᠶᠤᠯ ᠤᠨ ᠪᠡᠶᠡᠳᠦ ᠪᠤᠰᠤ ᠰᠤᠶᠤᠯ ᠤᠨ ᠦᠪ ᠤᠨ ᠦᠪᠯᠡᠭᠴᠢ᠂ ᠬᠦᠮᠦᠵᠢᠯᠲᠤ ᠪᠤᠯ ᠦᠪᠦᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠵᠡᠭᠦᠨ ᠦᠵᠦᠮᠦᠴᠢᠨ ᠬᠤᠰᠢᠭᠤ ᠪᠡᠷ ᠨᠤᠲᠤᠭ ᠲᠠᠢ᠂ ᠱᠠᠭ᠎ᠠ ᠨᠠᠭᠠᠳᠤᠮ ᠤᠨ ᠨᠡᠷᠡᠳᠦ ᠬᠢᠨᠠᠭᠴᠢ ᠪᠤᠯᠤᠨ᠎ᠠ᠃

    ᠱᠠᠭ᠎ᠠ ᠨᠠᠭᠠᠲᠤᠮ ᠪᠤᠯ ᠮᠤᠩᠭᠤᠯ ᠦᠨᠳᠦᠰᠦᠲᠡᠨ ᠤ ᠠᠮᠢᠲᠤᠷᠠᠯ ᠦᠢᠯᠡᠳᠪᠦᠷᠢᠯᠡᠯ᠂ ᠦᠵᠡᠯ ᠤᠬᠠᠮᠰᠠᠷ᠂ ᠭᠤᠤ᠎ᠠ ᠲᠠᠭᠠᠰᠢᠶᠠᠯ ᠵᠢᠴᠢ ᠰᠡᠳᠬᠢᠴᠡ ᠶᠢᠨ ᠤᠨᠴᠠᠯᠢᠭ ᠢ ᠲᠤᠰᠬᠠᠨ ᠬᠠᠷᠠᠭᠤᠯᠲᠠᠭ ᠤᠯᠠᠮᠵᠢᠯᠠᠯᠲᠤ ᠨᠠᠭᠠᠲᠤᠮ ᠤᠨ ᠲᠦᠷᠦᠯ ᠤᠨ ᠨᠢᠭᠡ ᠪᠤᠯᠤᠨ᠎ᠠ᠃ ᠤᠷᠤᠯᠴᠠᠬᠤ ᠬᠦᠮᠦᠨ ᠤ ᠲᠤᠭ᠎ᠠ ᠬᠢᠵᠠᠭᠠᠷ ᠦᠭᠡᠢ᠂ ᠤᠷᠤᠨ ᠪᠠᠢᠢᠷᠢ  ᠴᠢᠯᠦᠭᠡᠲᠡᠢ᠂ ᠢᠷᠭᠡᠳ ᠤᠨ ᠲᠤᠮᠲᠠ ᠦᠷᠭᠡᠨ ᠶᠢᠡᠷ ᠲᠡᠯᠭᠡᠷᠡᠭᠰᠡᠨ ᠶᠢᠡᠷ ᠪᠢᠯᠢᠭ ᠤᠶᠤᠨ ᠶᠢᠡᠨ ᠰᠤᠷᠢᠲᠠᠭ ᠦᠪᠡᠷᠮᠢᠴᠡ ᠨᠠᠭᠠᠲᠤᠮ ᠤᠨ ᠲᠦᠷᠦᠯ ᠪᠤᠯᠵᠠᠢ᠃

    ᠤᠶᠢᠯᠠᠭᠠᠭᠰᠠᠨ ᠢᠶᠡᠷ᠂ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠨᠢ ᠤᠶᠤᠳᠠᠳ ᠲᠠᠭᠠᠨ ᠤᠯᠠᠮᠵᠢᠯᠠᠯᠲᠤ ᠰᠤᠶᠤᠯ ᠤᠷᠠᠯᠢᠭ ᠶᠢᠡᠨ ᠦᠪᠯᠡᠨ ᠵᠠᠯᠭᠠᠮᠵᠢᠯᠠᠭᠤᠯᠬᠤ ᠶᠢ ᠬᠢᠴᠢᠶᠠᠨ᠂ ᠵᠢᠯ ᠪᠦᠷᠢ ᠰᠤᠷᠭᠠᠭᠤᠯᠢ ᠶᠢᠨ ᠬᠦᠷᠢᠶᠠᠨ ᠤ ᠨᠠᠭᠠᠲᠤᠮ᠂ ᠰᠤᠶᠤᠯ ᠤᠷᠠᠯᠢᠭ ᠤᠨ ᠨᠠᠢᠢᠷ ᠵᠡᠷᠭᠡ ᠠᠷᠭ᠎ᠠ ᠬᠡᠮᠵᠢᠶ᠎ᠠ ᠵᠤᠬᠢᠶᠠᠨ ᠪᠠᠢᠢᠭᠤᠯᠲᠠᠭ ᠃ ᠤᠳᠤᠬᠠᠨ ᠳᠤ ᠳᠤᠰ ᠰᠤᠷᠭᠠᠭᠤᠯᠢ ᠪᠦᠬᠡ ᠪᠠᠷᠢᠯᠳᠤᠬᠤ᠂ ᠰᠤᠷ ᠬᠠᠷᠪᠤᠬᠤ᠂ ᠪᠢᠯᠠᠭᠤ ᠰᠢᠳᠡᠬᠦ᠂ ᠮᠤᠩᠭᠤᠯ ᠰᠢᠲᠠᠷ᠎ᠠ᠂ ᠪᠤᠭᠤᠨ ᠵᠢᠷᠭᠢᠭᠡ ᠵᠡᠷᠬᠡ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠪᠡᠶ᠎ᠠ ᠶᠢᠨ ᠲᠠᠮᠢᠷ ᠢ ᠨᠢᠬᠡᠨᠳᠡ ᠳᠤᠰᠬᠠᠢ ᠲᠦᠷᠦᠯ ᠤᠨ ᠬᠢᠴᠢᠶᠠᠯ ᠢᠶᠡᠨ ᠪᠤᠯᠭᠠᠭᠰᠠᠨ ᠤ ᠰᠠᠭᠤᠷᠢᠨ ᠳ᠋ᠦ ᠢᠷᠡᠬᠦ ᠵᠢᠯ ᠡᠴᠡ ᠱᠠᠭ᠎ᠠ ᠨᠠᠭᠠᠳᠤᠮ ᠢ ᠴᠤ ᠵᠢᠭᠠᠨ ᠰᠤᠷᠭᠠᠯᠲᠠ ᠶᠢᠨ ᠬᠦᠲᠦᠯᠪᠦᠷᠢ ᠳᠦ ᠤᠷᠤᠭᠤᠯᠤᠨ ᠲᠤᠰᠬᠠᠢ ᠲᠦᠷᠦᠯ ᠤᠨ ᠬᠢᠴᠢᠶᠠᠯ ᠪᠤᠯᠭᠠᠬᠤ ᠪᠡᠷ ᠪᠤᠢ᠃

    ᠲᠠ ᠪᠦᠬᠦᠨ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠳᠠᠮᠢᠷ ᠤᠨ ᠰᠠᠯᠪᠤᠷᠢ ᠶᠢᠨ ᠳᠡᠳ᠋ ᠡᠷᠬᠢᠯᠡᠭᠴᠢ ᠲᠡᠭᠦᠦᠳ᠋ᠠᠭᠤᠯᠠ ᠶᠢᠨ ᠰᠤᠷᠪᠤᠯᠵᠢᠯᠠᠭ᠎ᠠ ᠶᠢ ᠬᠦᠯᠢᠶᠡᠨ ᠠᠪᠴᠤ ᠰᠤᠨᠤᠰᠤᠭᠠᠷᠠᠢ﹗

ᠢᠷᠡᠯᠳᠡ᠄ ᠰᠢᠨᠬᠤᠸᠠ ᠮᠣᠩᠭᠣᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119984852