蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ᠄ 2017 ᠤᠨ ᠡᠴᠡ ᠶᠡᠬᠡ ᠲᠡᠭᠡᠲᠤ ᠰᠤᠷᠭᠠᠭᠤᠯᠢ ᠳᠤ ᠰᠢᠯᠭᠠᠭᠤᠯᠤᠬᠰᠠᠳ ᠲᠦ ᠦᠵᠡᠯ ᠰᠠᠨᠠᠭ᠎ᠠ ᠤᠯᠤᠰ ᠲᠦᠷᠦ ᠶᠤᠰᠤ ᠰᠤᠷᠲᠠᠬᠤᠨ ᠤ ᠦᠨᠡᠯᠡᠭᠡ ᠬᠢᠨ᠎ᠡ

2016-11-25 17:30

    2017 ᠤᠨ ᠡᠴᠡ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠩ ᠤᠨ ᠶᠡᠬᠡ ᠲᠡᠭᠡᠲᠤ ᠰᠤᠷᠭᠠᠭᠤᠯᠢ ᠳᠤ ᠰᠢᠯᠭᠠᠭᠤᠯᠤᠬᠰᠠᠳ ᠲᠦ ᠦᠵᠡᠯ ᠰᠠᠨᠠᠭ᠎ᠠ ᠤᠯᠤᠰ ᠲᠦᠷᠦ ᠶᠤᠰᠤ ᠰᠤᠷᠲᠠᠬᠤᠨ ᠤ ᠦᠨᠡᠯᠡᠭᠡ ᠬᠢᠨ᠎ᠡ ᠭᠡᠵᠦ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠰᠤᠷᠤᠭᠴᠢ ᠡᠯᠰᠡᠬᠦ ᠰᠢᠯᠭᠠᠯᠲᠠ ᠶᠢᠨ ᠲᠦᠪ 24 ᠤ᠋ ᠡᠳᠦᠷ ᠢᠯᠡᠷᠬᠡᠶᠢᠯᠡᠪᠡ᠃

    ᠰᠢᠯᠭᠠᠭᠤᠯᠤᠭᠰᠠᠳ ᠤᠨ ᠪᠠᠶᠢᠭ᠎ᠠ ᠰᠤᠷᠭᠠᠭᠤᠯᠢ ᠪᠤᠯᠤᠨ ᠪᠠᠶᠢᠭᠤᠯᠤᠯᠭ᠎ᠠ ᠡᠷᠬᠡᠪᠰᠢ ᠰᠢᠯᠭᠠᠭᠤᠯᠤᠭᠰᠠᠳ ᠤᠨ ᠤᠯᠤᠰ ᠲᠦᠷᠦ ᠶᠢᠨ ᠤᠪᠤᠷ᠂ ᠦᠵᠡᠯ ᠰᠠᠨᠠᠭ᠎ᠠ ᠶᠤᠰᠤ ᠰᠤᠷᠲᠠᠬᠤᠨ ᠳᠦ ᠪᠦᠬᠦ ᠲᠠᠯ᠎ᠠ ᠪᠡᠷ ᠦᠨᠡᠯᠡᠭᠡ ᠬᠢᠬᠦ ᠬᠡᠷᠡᠭᠲᠠᠢ᠃ ᠠᠵᠢᠯ ᠤᠨ ᠪᠠᠶᠢᠭᠤᠯᠤᠯᠭ᠎ᠠ ᠦᠭᠡᠢ ᠰᠢᠯᠭᠠᠭᠤᠯᠤᠭᠰᠠᠳ ᠰᠤᠮᠤ᠂ ᠲᠤᠰᠬᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠦᠨᠡᠯᠡᠭᠡ ᠬᠢᠯᠭᠡᠨ᠎ᠠ᠃ ᠦᠨᠡᠯᠡᠭᠡᠨ ᠤ ᠳ᠋ᠦᠩ ᠢ ᠬᠤᠰᠢᠭᠤ ᠰᠢᠶᠠᠨ ᠤ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠰᠢᠯᠭᠠᠭᠤᠯᠤᠬᠰᠠᠳ ᠤᠨ ᠭᠠᠵᠠᠷ ᠳᠡᠭᠡᠷ᠎ᠡ ᠨᠢ ᠪᠠᠲᠤᠯᠠᠭᠠᠵᠢᠭᠤᠯᠬᠤ ᠬᠤᠭᠤᠴᠠᠭᠠᠨ ᠳᠤ ᠨᠡᠷ᠎ᠡ ᠪᠦᠷᠢᠳᠭᠡᠭᠦᠯᠬᠦ ᠰᠢᠰᠲ᠋ᠧᠮ ᠳᠦ ᠤᠷᠤᠭᠤᠯᠤᠨ᠎ᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠰᠤᠷᠤᠭᠴᠢ ᠡᠯᠰᠡᠬᠦ ᠰᠢᠯᠭᠠᠯᠲᠠ ᠶᠢᠨ ᠲᠦᠪ ᠡᠴᠡ ᠴᠢᠬᠤᠯᠠᠴᠢᠯᠠᠭᠰᠠᠨ ᠢᠶᠡᠷ᠂ ᠡᠷᠡᠭᠦᠦ ᠶᠢᠨ ᠬᠡᠷᠡᠭ᠂ ᠠᠮᠦᠷ ᠢ ᠬᠠᠮᠠᠭᠠᠯᠠᠬᠤ ᠬᠠᠮᠢᠶᠠᠷᠤᠯᠲᠠ ᠶᠢᠨ ᠬᠡᠷᠡᠭ ᠵᠢᠴᠢ ᠪᠤᠰᠤᠳ ᠬᠠᠤᠯᠢ ᠳᠦᠷᠢᠮ ᠰᠠᠬᠢᠯᠭ᠎ᠠ ᠪᠠᠲᠤ ᠶᠢ ᠵᠦᠷᠢᠴᠡᠭᠰᠡᠨ ᠬᠡᠷᠡᠭ ᠢᠶᠡᠷ ᠰᠢᠳᠭᠡᠭ᠍ᠳᠡᠭᠰᠡᠨ ᠰᠢᠯᠭᠠᠭᠤᠯᠤᠭᠰᠠᠳ ᠤᠨ ᠬᠡᠷᠡᠭ ᠤᠨ ᠦᠨᠡᠨ ᠪᠠᠶᠢᠳᠠᠯ᠂ ᠰᠢᠢᠳᠪᠤᠷᠢᠯᠡᠭᠰᠡᠨ ᠰᠠᠨᠠᠯ᠂ ᠲᠤᠰ ᠬᠦᠮᠦᠨ ᠤ ᠪᠤᠷᠤᠭᠤ ᠪᠠᠨ ᠲᠠᠨᠢᠬᠰᠠᠨ ᠪᠠ ᠵᠠᠯᠠᠷᠠᠭᠤᠯᠤᠬᠰᠠᠨ ᠪᠤᠳᠠᠳᠠᠢ ᠢᠯᠡᠷᠡᠯ ᠵᠡᠷᠭᠡ ᠵᠢ ᠦᠨᠡᠯᠡᠭᠡᠨ ᠤ ᠬᠦᠰᠦᠨᠤᠭ᠍ᠲᠤ ᠳᠤ ᠪᠢᠴᠢᠵᠦ᠂ ᠦᠨᠡᠨ ᠪᠤᠳᠠᠳᠤ ᠪᠠᠶᠢᠳᠠᠯ ᠳᠤᠨᠢ ᠬᠠᠷᠢᠭᠤᠴᠠᠨ᠎ᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠰᠤᠷᠤᠭᠴᠢ ᠡᠯᠰᠡᠬᠦ ᠰᠢᠯᠭᠠᠯᠲᠠ ᠶᠢᠨ ᠲᠦᠪ ᠡᠴᠡ ᠢᠯᠡᠷᠬᠡᠶᠢᠯᠡᠭᠰᠡᠨ ᠢᠶᠡᠷ᠂ ᠦᠨᠳᠦᠰᠦᠨ ᠬᠠᠤᠯᠢ ᠳᠤ ᠲᠤᠭᠲᠠᠭᠠᠭᠰᠠᠨ ᠦᠨᠳᠦᠰᠦᠨ ᠵᠠᠷᠴᠢᠮ ᠢ ᠡᠰᠡᠷᠭᠦᠴᠡᠭᠰᠡᠨ ᠦᠭᠡ ᠶᠡᠷᠢᠶ᠎ᠠ ᠦᠢᠯᠡ ᠠᠵᠢᠯᠯᠠᠭ᠎ᠠ ᠲᠠᠢ ᠪᠤᠶᠤ ᠪᠤᠷᠤᠭᠤ ᠨᠤᠮᠯᠠᠯ ᠤᠨ ᠵᠤᠬᠢᠶᠠᠨ ᠪᠠᠶᠢᠭᠤᠯᠤᠯᠲᠠ ᠳᠦ ᠤᠷᠤᠯᠴᠠᠭᠠᠳ ᠦᠢᠯᠡ ᠠᠵᠢᠯᠯᠠᠭ᠎ᠠ ᠨᠢ ᠬᠦᠨᠲᠤ ; ᠨᠤᠴᠢᠲᠠᠢ ᠡᠷᠡᠭᠦᠤ ᠶᠢᠨ ᠬᠠᠤᠯᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ ᠶᠢ ᠵᠦᠷᠢᠴᠡᠨ ᠰᠢᠳᠭᠡᠯ ᠤᠯᠵᠤ᠂ ᠦᠢᠯᠡ ᠶᠠᠪᠤᠳᠠᠯ ᠨᠢ ᠬᠦᠨᠲᠤ ᠨᠤᠴᠢᠲᠠᠢ᠂ ᠰᠢᠨᠵᠢ ᠴᠢᠨᠡᠷ ᠮᠠᠭᠤ ᠵᠡᠷᠭᠡ ᠶᠢᠨ ᠨᠢᠭᠡᠨ ᠳᠤᠨᠢ ᠪᠠᠬᠲᠠᠬᠤ ᠰᠢᠯᠭᠠᠭᠤᠯᠤᠬᠰᠠᠳ ᠪᠤᠷᠤᠭᠤ ᠪᠡᠨ ᠲᠠᠨᠢᠬᠰᠠᠨ ᠪᠠ ᠵᠠᠯᠠᠷᠠᠭᠤᠯᠤᠭᠰᠠᠨ ᠪᠤᠲᠠᠲᠠᠢ ᠢᠯᠡᠷᠡᠯ ᠤᠨ ᠭᠡᠷᠡᠴᠢᠯᠡᠭᠡ ᠦᠭᠡᠢ ᠪᠠᠶᠢᠳᠠᠯ ᠳᠤ ᠦᠵᠡᠯ ᠰᠠᠨᠠᠭ᠎ᠠ ᠤᠯᠤᠰ ᠲᠦᠷᠦ ᠶᠤᠰᠤ ᠰᠤᠷᠲᠠᠬᠤᠨ ᠨᠢ ᠬᠢᠷᠢ ᠲᠡᠩᠴᠡᠭ᠍ᠰᠡᠨ ᠦᠭᠡᠢ ᠪᠡᠷ ᠲᠤᠭᠠᠴᠠᠨ᠎ᠠ ᠭᠡᠵᠠᠢ᠃ (ᠳᠠᠳᠤᠯᠭ᠎ᠠ ᠶᠢᠨ ᠰᠤᠷᠤᠬᠴᠢ ᠬᠡᠦᠬᠡᠨᠰᠤᠯᠢ ᠤᠷᠴᠢᠭᠤᠯᠪᠠ)

ᠢᠷᠡᠯᠳᠡ᠄ ᠤᠮᠠᠷᠠᠲᠤ ᠶᠢᠨ ᠰᠢᠨ᠎ᠡ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119992892