蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 2016 ᠤᠨ ᠤ ᠨᠢᠬᠲᠠᠯᠠᠨ ᠪᠤᠲᠤᠬᠴᠢ ᠶᠢᠨ ᠦᠨᠳᠦᠷ ᠵᠡᠷᠭᠡᠯᠡᠯ ᠤᠨ ᠲᠤᠰᠬᠠᠢ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠢᠷᠢ ᠲᠡᠩᠴᠡᠬᠦ ᠬᠤᠪᠢ ᠵᠢᠨ ᠱᠤᠭᠤᠮ ᠢ ᠲᠤᠬᠳᠠᠭᠠᠪᠠ

2016-12-01 17:18

    ᠰᠡᠭᠦᠯ ᠤᠨ ᠦᠶ᠎᠎ᠠ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠬᠡᠴᠡ ᠪᠤᠯᠤᠨ ᠨᠠᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ  ᠬᠠᠮᠲᠤᠷᠠᠨ 《2016 ᠤᠨ ᠤ ᠤᠷᠤᠨ ᠳᠠᠶᠠᠭᠠᠷ ᠤᠨ ᠨᠢᠬᠲᠠᠯᠠᠨ ᠪᠤᠳᠤᠬᠴᠢ ᠶᠢᠨ ᠦᠨᠳᠦᠷ ᠵᠡᠷᠭᠡᠯᠡᠯ ᠤᠨ ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠡᠨ ᠰᠢᠯᠭᠠᠷᠠᠭᠤᠯᠬᠤ ᠠᠵᠢᠯ ᠤᠨ ᠬᠠᠮᠢᠶ᠎ᠠ ᠪᠦᠬᠦᠢ ᠵᠦᠢᠯ ᠤᠨ ᠮᠡᠳᠡᠭᠳᠡᠯ》 ᠢ᠋ ᠨᠡᠶᠢᠲᠡᠯᠡᠪᠠ᠃ 《ᠮᠡᠳᠡᠭᠳᠡᠯ》 ᠳᠤ᠂ 2016 ᠤᠨ ᠤ ᠨᠢᠬᠲᠠᠯᠠᠨ ᠪᠤᠲᠤᠬᠴᠢ ᠶᠢᠨ ᠵᠢᠩᠬᠢᠨᠢ ᠦᠨᠳᠦᠷ ᠵᠡᠷᠭᠡᠯᠡᠯ ᠤᠨ ᠲᠤᠰᠬᠠᠢ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠢᠷᠢ ᠲᠡᠩᠴᠡᠬᠦ ᠪᠠᠷᠢᠮᠵᠢᠶ᠎ᠠ ᠨᠢ 60 ᠬᠤᠪᠢ᠂ ᠦᠨᠳᠦᠷ ᠵᠡᠷᠭᠡᠯᠡᠯ ᠤᠨ ᠨᠢᠬᠲᠠᠯᠠᠨ ᠪᠤᠳᠤᠯᠳᠠ ᠶᠢᠨ ᠰᠢᠯᠭᠠᠯᠲᠠ ᠶᠢᠨ ᠤᠯᠤᠰ ᠤᠨ ᠬᠢᠷᠢ ᠲᠡᠩᠴᠡᠬᠦ ᠪᠠᠷᠢᠮᠵᠢᠶ᠎ᠠ ᠨᠢ 60 ᠬᠤᠪᠢ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠢᠷᠢ ᠲᠡᠩᠴᠡᠬᠦ ᠪᠠᠷᠢᠮᠵᠢᠶ᠎ᠠ ᠨᠢ 53 ᠬᠤᠪᠢ᠃

    《 ᠮᠡᠳᠡᠭᠳᠡᠯ》 ᠳᠦ ᠲᠤᠭᠲᠠᠭᠠᠭᠰᠠᠨ ᠢᠶᠡᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠢᠩᠬᠢᠨᠢ ᠦᠨᠳᠦᠷ ᠵᠡᠷᠭᠡᠯᠡᠯ᠂ ᠦᠨᠳᠦᠷ ᠵᠡᠷᠭᠡᠯᠡᠯ ᠤᠨ ᠨᠢᠬᠲᠠᠯᠠᠨ ᠪᠤᠳᠤᠭᠴᠢ ᠶᠢᠨ ᠬᠢᠷᠢ ᠬᠡᠮ ᠢ ᠬᠢᠨᠠᠨ ᠰᠢᠯᠭᠠᠷᠠᠭᠤᠯᠬᠤ ᠨᠦᠬᠦᠴᠡᠯ ᠱᠠᠭᠠᠷᠳᠠᠯᠭ᠎ᠠ ᠳᠦ ᠨᠠᠶᠢᠴᠡᠵᠤ᠂ ᠦᠪᠡᠷᠲᠡᠭᠡᠨ ᠵᠠᠰᠠᠬᠤ ᠤᠷᠤᠨ ᠤ ᠬᠡᠪᠴᠢᠶᠡᠨ ᠳᠡᠬᠢ ᠡᠯ ᠎ᠡ ᠲᠦᠷᠦᠯ ᠤᠨ ᠤᠯᠤᠰ ᠤᠨ ᠪᠠᠶᠢᠭᠤᠯᠤᠯᠭ᠎ᠠ᠂ ᠠᠵᠤ ᠠᠬᠤᠶᠢᠯᠠᠯ ᠤᠨ ᠨᠢᠭᠡᠴᠡ ᠵᠢᠴᠢ ᠪᠤᠰᠤᠳ ᠨᠠᠶᠢᠭᠡᠮ ᠤᠨ ᠵᠤᠬᠢᠶᠠᠨ ᠪᠠᠶᠢᠭᠤᠯᠤᠯᠲᠠ ᠳᠦ ᠨᠢᠬᠲᠠᠯᠠᠨ ᠪᠤᠳᠤᠬᠴᠢ ᠶᠢᠨ ᠠᠵᠢᠯ ᠬᠢᠵᠤ ᠪᠠᠶᠢᠭ᠎ᠠ᠂ ᠨᠢᠬᠲᠠᠯᠠᠨ ᠪᠤᠲᠤᠬᠴᠢ ᠶᠢᠨ ᠠᠵᠢᠯ ᠬᠢᠬᠦ ᠬᠦᠴᠦᠨ ᠪᠦᠬᠦᠢ ᠬᠢᠷᠢ ᠬᠡᠮ ᠤᠨ ᠦᠨᠡᠮᠯᠡᠬᠦ᠂ ᠨᠢᠬᠲᠠᠯᠠᠨ ᠪᠤᠳᠤᠭᠴᠢ ᠶᠢᠨ ᠬᠢᠷᠢ ᠬᠡᠮ ᠤᠨ ᠦᠨᠡᠮᠯᠡᠬᠦ ᠲᠠᠢ᠂ ᠵᠢᠩᠬᠢᠨᠢ ᠦᠨᠳᠦᠷ ᠵᠡᠷᠭᠡᠯᠡᠯ᠂ ᠦᠨᠳᠦᠷ ᠵᠡᠷᠭᠡᠯᠡᠯ ᠤᠨ ᠨᠢᠬᠲᠠᠯᠠᠨ ᠪᠤᠳᠤᠬᠴᠢ ᠶᠢᠨ ᠬᠢᠷᠢ ᠬᠡᠮ ᠤᠨ ᠰᠢᠯᠭᠠᠯᠲᠠ ᠳᠦ ᠤᠷᠤᠯᠴᠠᠵᠤ ᠬᠢᠷ ᠲᠡᠩᠴᠡᠭᠰᠡᠨ ᠬᠦᠮᠦᠰ ᠪᠦᠷ 2016 ᠤᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠢᠬᠲᠠᠯᠠᠨ ᠪᠤᠲᠤᠬᠴᠢ ᠶᠢᠨ ᠲᠤᠰᠬᠠᠢ ᠮᠡᠷᠭᠡᠵᠢᠯ ᠤᠨ ᠬᠢᠷᠢ ᠬᠡᠮ ᠤᠨ ᠬᠢᠨᠡᠨ ᠰᠢᠯᠭᠠᠷᠠᠭᠤᠯᠤᠯᠲᠠ ᠳᠤ ᠳᠦᠷᠢᠮ ᠲᠤᠭᠲᠠᠭᠠᠯ ᠶᠤᠰᠤᠭᠠᠷ ᠤᠷᠤᠯᠴᠠᠵᠤ ᠪᠤᠯᠤᠨ᠎ᠠ ᠭᠡᠰᠡᠨ ᠪᠠᠶᠢᠨ᠎ᠠ᠃ (ᠳᠠᠳᠤᠯᠭ ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011100001120034175