蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ 2017 ᠣᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ 12 ᠰᠠᠷ᠎ᠠ ᠶᠢᠨ 1 ᠤ ᠡᠲᠤᠷ ᠠᠴᠠ ᠡᠬᠢᠯᠡᠨ ᠨᠡᠷ᠎ᠡ ᠪᠦᠷᠢᠳᠬᠡᠬᠦᠯᠪᠡ

2016-12-05 11:48

    ᠦᠪᠦᠷ ᠮᠤᠩᠭ᠋ᠤᠯ ᠤᠨ ᠦᠪᠡᠷᠳᠡᠬᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ ᠤᠢᠢᠯᠠᠭᠠᠭᠰᠠᠨ ᠢᠶᠠᠷ᠂ ᠦᠪᠦᠷ ᠮᠤᠩᠭ᠋ᠤᠯ ᠤᠨ 2017 ᠣᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ 2016 ᠣᠨ ᠤ 12 ᠰᠠᠷ᠎ᠠ ᠶᠢᠨ 1 ᠤ ᠡᠳᠦᠷ ᠤᠨ 9᠄ 00 ᠴᠠᠭ ᠠᠴᠠ 12 ᠤᠨ ᠡᠳᠦᠷ ᠤᠨ 18᠄ 00 ᠴᠠᠭ ᠪᠤᠯᠳᠠᠯ᠎ᠠ ᠨᠡᠷ᠎ᠡ ᠪᠦᠷᠢᠳᠬᠡᠬᠦᠯᠦᠨ᠎ᠡ᠃

    ᠰᠢᠯᠭᠠᠭᠤᠯᠤᠭᠰᠠᠳ ᠳᠤᠭᠳᠠᠭᠰᠠᠨ ᠴᠠᠭ ᠲᠤ ᠨᠢ ᠨᠧᠲ ᠢᠶᠡᠷ ᠨᠡᠷ᠎ᠡ ᠪᠦᠷᠢᠳᠬᠡᠬᠦᠯᠬᠦ ᠪᠦᠬᠡᠳ  ᠲᠦᠯᠦᠪᠦᠷᠢ ᠦᠭ᠍ᠬᠦᠨ᠎ᠡ᠃ ᠳᠤᠬᠠᠢ ᠶᠢᠨ ᠳᠠᠯᠠᠪᠠᠢ ᠳᠤ ᠬᠤᠷᠤᠭᠤᠨ ᠤᠷᠤᠮ ᠤᠨ ᠮᠡᠳᠡᠭᠡ ᠵᠠᠩᠬᠢ ᠪᠠᠨ ᠴᠤᠭᠯᠠᠭᠤᠯᠤᠨ᠂ ᠳᠤᠬᠠᠢ ᠶᠢᠨ ᠳᠠᠯᠠᠪᠠᠢ ᠳᠤ ᠰᠡᠬᠦᠳᠡᠷ ᠳᠠᠳᠠᠭᠤᠯᠵᠤ᠂ ᠨᠡᠷ᠎ᠡ ᠮᠡᠳᠡᠬᠦᠯᠦᠭᠰᠡᠨ ᠮᠡᠳᠡᠭᠡ ᠵᠠᠩᠬᠢ ᠳᠠᠭᠠᠨ ᠭᠠᠷ ᠤᠨ ᠦᠰᠦᠭ ᠵᠢᠷᠤᠨ ᠨᠤᠳᠠᠯᠠᠨ᠎ᠠ᠂ ᠬᠤᠭᠤᠴᠠᠭ᠎ᠠ ᠨᠢ ᠬᠡᠳᠦᠷᠡᠪᠡᠯ ᠬᠠᠮᠢᠶ᠎ᠠ ᠪᠦᠬᠦᠢ ᠭᠠᠷ ᠬᠦᠢᠴᠡᠳᠬᠡᠯ ᠢ ᠨᠦᠬᠦᠵᠦ ᠬᠢᠵᠤ ᠥᠭ᠍ᠬᠦ ᠦᠭᠡᠢ᠃

    ᠰᠢᠯᠭᠠᠭᠤᠯᠤᠭᠰᠠᠳ ᠡᠷᠦᠬᠡ ᠠᠮᠠ ᠶᠢᠨ ᠳᠠᠩᠰᠠ ᠪᠠᠶᠢᠭ᠎ᠠ ᠬᠤᠰᠢᠭᠤ (ᠰᠢᠶᠠᠨ᠂ ᠬᠤᠳᠠ᠂ ᠳᠤᠭᠤᠷᠢᠭ) ᠶᠢᠨ ᠰᠤᠷᠤᠭᠴᠢ ᠡᠯᠰᠡᠬᠦ ᠰᠢᠯᠭᠠᠯᠳᠠ ᠶᠢᠨ ᠪᠠᠶᠢᠭᠤᠯᠤᠮᠵᠢ ᠳᠤ ᠨᠡᠷ᠎ᠡ ᠮᠡᠳᠡᠬᠦᠯᠦᠨ᠎ᠡ᠃ ᠤᠷᠤᠨ ᠤ ᠭᠠᠳᠠᠨᠠᠬᠢ ᠬᠦᠯᠦᠰᠦᠨ ᠠᠵᠢᠯ ᠬᠢᠭ᠍ᠰᠡᠳ ᠤᠨ ᠡᠵᠢ ᠠᠪᠤ ᠪᠠᠨ ᠳᠠᠭᠠᠵᠤ ᠨᠡᠬᠦᠵᠦ ᠢᠷᠡᠭᠰᠡᠨ ᠰᠢᠯᠭᠠᠭᠤᠯᠤᠭᠴᠢ ᠡᠵᠢ ᠠᠪᠤ ᠶᠢᠨ ᠢᠶᠠᠨ ᠰᠠᠭᠤᠭ᠎ᠠ ᠭᠠᠵᠠᠷ ᠤᠨ ᠬᠤᠰᠢᠭᠤ ᠰᠢᠶᠠᠨ ᠳᠤ ᠨᠡᠷ᠎ᠡ ᠮᠡᠳᠡᠬᠦᠯᠦᠨ᠎ᠡ᠃

    ᠨᠢᠬᠡ᠂ ᠦᠪᠡᠷᠳᠡᠬᠡᠨ ᠵᠠᠰᠬᠠᠤ ᠤᠷᠤᠨ ᠤ ᠰᠤᠷᠭᠠᠨ ᠬᠦᠮᠦᠵᠢᠯ  ᠤᠨ ᠲᠢᠩᠬᠢᠮ ᠤᠨ ᠵᠦᠪᠰᠢᠶᠡᠷᠡᠭᠰᠡᠨ ᠰᠤᠷᠤᠭᠴᠢ ᠡᠯᠰᠡᠬᠦ ᠬᠡᠪᠴᠢᠶᠡᠨ ᠳᠠᠬᠢ ᠠᠶᠢᠮᠠᠭ ᠬᠤᠳᠠ ᠠᠯᠤᠰᠯᠠᠨ ᠡᠯᠰᠡᠭᠰᠡᠨ ᠶᠠᠳᠠᠭᠤ ᠬᠦᠴᠢᠷᠳᠡᠯᠳᠡᠢ ᠰᠢᠯᠢᠳᠡᠭ ᠰᠤᠷᠤᠭᠴᠢ ᠶᠢᠨ ᠠᠩᠬᠢ ᠶᠢᠨ ᠰᠢᠨ᠎ᠡ ᠳᠡᠬᠦᠰᠬᠦ ᠰᠤᠷᠤᠭᠴᠢ︔ ᠬᠤᠶᠠᠷ᠂ ᠠᠶᠢᠮᠠᠭ ᠬᠤᠳᠠ ᠳᠤ ᠰᠢᠭᠤᠳ ᠬᠠᠷᠢᠶᠠᠯᠠᠭᠳᠠᠬᠤ ᠳᠡᠬᠡᠳᠤ ᠳᠡᠰ ᠤᠨ ᠳᠤᠮᠳᠠ ᠵᠡᠷᠬᠡ ᠶᠢᠨ ᠰᠤᠷᠭᠠᠭᠤᠯᠢ ᠶᠢᠨ ᠳᠤᠰ ᠠᠶᠢᠮᠠᠭ ᠤᠨ ᠡᠷᠦᠬᠡ ᠠᠮᠠ ᠶᠢᠨ ᠳᠠᠩᠰᠠ ᠲᠠᠢ ᠰᠢᠨ᠎ᠡ ᠳᠡᠬᠦᠰᠬᠦ ᠰᠤᠷᠤᠭᠴᠢ︔ ᠭᠤᠷᠪᠠ᠂ ᠮᠤᠩᠭᠤᠯ ᠢᠶᠠᠷ ᠬᠢᠴᠢᠶᠡᠯᠯᠡᠭᠰᠡᠨ ᠡᠯ᠎ᠠ ᠬᠢᠴᠢᠶᠡᠯ ᠲᠦᠷᠦᠯ  ᠤᠨ ᠰᠢᠨ᠎ᠡ ᠳᠡᠬᠦᠰᠬᠦ ᠰᠤᠷᠤᠭᠴᠢ︔ ᠲᠦᠷᠪᠡ᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠠᠴᠠ ᠳᠤᠰᠬᠠᠢ ᠮᠡᠷᠬᠡᠵᠢᠯ ᠢᠶᠠᠷ ᠨᠢ ᠵᠤᠯᠭᠠᠯᠴᠠᠭᠤᠯᠤᠨ ᠰᠤᠷᠤᠭᠴᠢ ᠡᠯᠰᠡᠬᠦ ᠰᠢᠨ᠎ᠡ ᠳᠡᠬᠦᠰᠬᠦ ᠰᠤᠷᠤᠭᠴᠢ︔ ᠲᠠᠪᠤ᠂ ᠳᠠᠪᠤᠨ ᠵᠢᠯ ᠤᠨ ᠲᠦᠷᠢᠮᠳᠤ ᠳᠡᠬᠡᠳᠤ ᠵᠡᠷᠬᠡ ᠶᠢᠨ ᠠᠵᠢᠯ ᠮᠡᠷᠬᠡᠵᠢᠯ  ᠤᠨ ᠰᠤᠷᠭᠠᠭᠤᠯᠢ ᠶᠢᠨ ᠭᠤᠷᠪᠠ ᠬᠤᠶᠠᠷ ᠢᠶᠠᠷ ᠱᠠᠳᠤ ᠬᠤᠪᠢᠶᠠᠭᠰᠠᠨ᠂ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠠᠴᠠ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠳᠤ ᠰᠢᠯᠵᠢᠬᠦ ᠰᠢᠨ᠎ᠡ ᠳᠡᠬᠦᠰᠬᠦ ᠰᠤᠷᠤᠭᠴᠢ ᠵᠡᠷᠬᠡ ᠳᠡᠬᠡᠷᠡᠬᠢ 5 ᠵᠦᠢᠯ ᠤᠨ ᠰᠢᠯᠭᠠᠭᠤᠯᠤᠭᠴᠢ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠢᠶᠡᠨ ᠬᠤᠰᠢᠭᠤ ᠰᠢᠶᠠᠨ ᠳᠤ ᠨᠡᠷ᠎ᠡ ᠮᠡᠳᠡᠬᠦᠯᠦᠨ᠎ᠡ᠃

    ᠮᠤᠩᠭ᠋ᠤᠯ ᠢᠶᠠᠷ ᠬᠢᠴᠢᠶᠡᠯᠯᠡᠵᠤ ᠨᠢᠬᠡᠨᠳᠡ ᠳᠡᠬᠦᠰᠦᠭᠰᠡᠨ ᠰᠤᠷᠤᠭᠴᠢ︔ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠠᠴᠠ ᠳᠤᠰᠬᠠᠢ ᠮᠡᠷᠬᠡᠵᠢᠯ ᠢᠶᠠᠷ ᠨᠢ ᠵᠤᠯᠭᠠᠯᠴᠠᠭᠤᠯᠤᠨ ᠰᠤᠷᠤᠭᠴᠢ ᠡᠯᠰᠡᠬᠦ ᠨᠢᠬᠡᠨᠳᠡ ᠳᠡᠬᠦᠰᠦᠭᠰᠡᠨ ᠰᠤᠷᠤᠭᠴᠢ︔ ᠬᠢᠳᠠᠳ ᠢᠶᠠᠷ ᠬᠢᠴᠢᠶᠡᠯᠯᠡᠭᠰᠡᠨ ᠮᠤᠩ᠋ᠭᠤᠯ ᠬᠡᠯᠡᠨ ᠤ ᠬᠦᠬᠡᠭ᠍ᠴᠢᠨ ᠰᠡᠳᠦᠪ ᠢ ᠨᠡᠮᠡᠵᠦ ᠰᠢᠯᠭᠠᠬᠤ ᠨᠢᠬᠡᠨᠳᠡ ᠳᠡᠬᠦᠰᠦᠭᠰᠡᠨ ᠰᠤᠷᠤᠭᠴᠢ︔ ᠭᠠᠳᠠᠭᠠᠳᠤ ᠬᠡᠯᠡᠡ ᠤ ᠰᠢᠯᠭᠠᠬᠤ ᠰᠡᠳᠦᠪ ᠨᠢ ᠶᠠᠫᠤᠨ ᠬᠡᠯᠡ ᠪᠤᠶᠤ ᠤᠷᠤᠰ ᠬᠡᠯᠡᠨ ᠤ ᠰᠢᠯᠭᠠᠭᠤᠯᠤᠭᠴᠢ ᠪᠤᠯ ᠠᠶᠢᠮᠠᠭ ᠬᠤᠳᠠ ᠶᠢᠨ ᠰᠤᠷᠤᠭᠴᠢ ᠡᠯᠰᠡᠬᠦ ᠰᠢᠯᠭᠠᠯᠳᠠ ᠶᠢᠨ ᠪᠠᠶᠢᠭᠤᠯᠤᠮᠵᠢ ᠶᠢᠨ ᠳᠤᠭᠳᠠᠭᠠᠭᠰᠠᠨ ᠨᠡᠷ᠎ᠡ ᠮᠡᠳᠡᠬᠦᠯᠬᠦ ᠭᠠᠵᠠᠷ ᠨᠡᠷ᠎ᠡ ᠮᠡᠳᠡᠬᠦᠯᠦᠨ᠎ᠡ᠃

    ᠰᠤᠯᠤᠩᠭ᠋ᠤᠰ ᠬᠡᠯᠡ ᠪᠠᠷ ᠬᠢᠴᠢᠶᠡᠯᠯᠡᠭᠰᠡᠨ ᠰᠤᠷᠤᠭᠴᠢ ᠤᠯᠠᠭᠠᠨᠬᠤᠳᠠ ᠳᠤ ᠨᠢᠬᠡᠳᠦᠯᠳᠡᠢ ᠨᠡᠷ᠎ᠡ ᠮᠡᠳᠡᠬᠦᠯᠦᠨ᠎ᠡ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120691120051767