蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ 2020 ᠤᠨ ᠪᠤᠯᠬᠤ ᠳ᠋ᠦ ᠠᠩᠬᠢ ᠶᠢᠨ ᠰᠤᠷᠤᠭᠴᠢ ᠤᠯᠠᠨ ᠪᠠᠢᠢᠬᠤ ᠠᠰᠠᠭᠤᠲᠠᠯ ᠢ ᠲᠦᠢᠯᠪᠤᠷᠢᠲᠠᠢ ᠰᠢᠢᠳᠪᠦᠷᠢᠯᠡᠨ᠎ᠡ

2016-12-07 16:57

    ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠡᠴᠡ 《ᠬᠤᠲᠠ ᠬᠦᠲᠡᠭᠡ ᠶᠢᠨ ᠰᠤᠷᠭᠠᠨ ᠬᠦᠮᠦᠵᠢᠯ ᠤᠨ ᠨᠢᠭᠡ ᠴᠤᠭᠴᠠᠵᠢᠭᠤᠯᠬᠤ ᠦᠭᠡᠷᠡᠴᠢᠯᠡᠯᠲᠡ ᠶᠢᠨ ᠬᠦᠭ᠍ᠵᠢᠯᠲᠠ ᠶᠢ ᠨᠢᠭᠡᠲᠦᠯᠲᠡᠢ ᠲᠦᠯᠦᠪᠯᠡᠵᠦ ᠨᠡᠢᠢᠲᠠᠮ ᠳ᠋ᠤᠨᠢ ᠬᠠᠷᠠᠭᠠᠯᠵᠠᠬᠤ ᠶᠢ ᠬᠡᠷᠡᠭᠵᠢᠬᠦᠯᠬᠦ ᠲᠤᠬᠠᠢ ᠰᠠᠨᠠᠯ》 ᠳ᠋ᠤ ᠲᠤᠷᠠᠲᠤᠭᠰᠠᠨ ᠶᠢᠡᠷ᠂ 2017 ᠤᠨ ᠪᠤᠯᠲᠠᠯ᠎ᠠ ᠰᠤᠷᠭᠠᠭᠤᠯᠢ ᠨᠤᠭᠤᠳ ᠤᠨ ᠰᠤᠷᠤᠭᠴᠢ ᠶᠢᠨ ᠲᠤᠭ᠎ᠠ 66 ᠬᠦᠮᠦᠨ ᠡᠴᠡ ᠭᠡᠳᠦᠷᠡᠭᠰᠡᠨ ᠠᠩᠬᠢ ᠶᠢ ᠬᠠᠭᠠᠰ ᠢᠯᠡᠬᠦᠦ ᠪᠡᠷ ᠴᠤᠮᠠᠬᠳᠬᠠᠵᠤ᠂ 2018 ᠤᠨ ᠪᠤᠯᠬᠤ ᠳ᠋ᠤ ᠦᠨᠳᠦᠰᠦᠨ ᠳ᠋ᠡᠭᠡᠨ ᠴᠤᠮᠠᠬᠳᠬᠠᠨ᠎ᠠ᠃ 56 ᠬᠦᠮᠦᠨ ᠡᠴᠡ 65 ᠬᠦᠮᠦᠨ ᠲᠠᠢ ᠠᠩᠬᠢ ᠶᠢ 2018 ᠤᠨ ᠪᠤᠯᠲᠠᠯ᠎᠎ᠠ ᠨᠠᠭᠠᠲᠤ ᠵᠠᠬ᠎ᠠ ᠳ᠋ᠠᠭᠠᠨ ᠬᠠᠭᠠᠰ ᠢ ᠨᠢ ᠴᠤᠮᠠᠬᠳᠬᠠᠵᠤ᠂ 2020 ᠤᠨ ᠪᠤᠯᠬᠤ ᠳ᠋ᠦ ᠪᠦᠬᠦᠨ ᠢ ᠨᠢ ᠴᠤᠮᠠᠬᠳᠬᠠᠨ᠎ᠠ᠃ ᠡᠭᠦᠨ ᠤ ᠰᠠᠭᠤᠷᠢᠨ ᠳ᠋ᠤ ᠬᠦᠲᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ ᠤ ᠪᠠᠭ᠎ᠠ ᠰᠤᠷᠭᠠᠭᠤᠯᠢ ᠶᠢᠨ ᠠᠩᠬᠢ ᠪᠦᠷᠢ ᠶᠢᠨ ᠰᠤᠷᠤᠭᠴᠢ ᠶᠢ 45 ᠬᠦᠮᠦᠨ ᠶᠢᠡᠷ ᠬᠢᠵᠠᠭᠠᠷᠯᠠᠵᠤ᠂ ᠠᠩᠬ᠎ᠠ ᠲᠤᠮᠲᠠᠲᠤ ᠶᠢᠨ ᠠᠩᠬᠢ ᠪᠦᠷᠢ ᠶᠢᠨ ᠰᠤᠷᠤᠭᠴᠢ ᠶᠢᠨ ᠲᠤᠭ᠎ᠠ ᠶᠢ 50 ᠬᠦᠮᠦᠨ ᠶᠢᠡᠷ ᠬᠢᠵᠠᠭᠠᠷᠯᠠᠪᠠ᠃ ᠬᠤᠲᠠ ᠶᠢᠨ ᠪᠠᠭ᠎ᠠ ᠰᠤᠷᠭᠠᠭᠤᠯᠢ ᠶᠢᠨ ᠠᠩᠬᠢ ᠪᠦᠷᠢ ᠶᠢᠨ ᠰᠤᠷᠤᠭᠴᠢ ᠶᠢᠨ ᠲᠤᠭ᠎ᠠ ᠶᠢ 50 ᠬᠦᠮᠦᠨ ᠶᠢᠡᠷ ᠬᠢᠵᠠᠭᠠᠷᠯᠠᠵᠤ᠂ ᠠᠩᠬ᠎ᠠ ᠲᠤᠮᠲᠠᠲᠤ ᠶᠢᠨ ᠠᠩᠬᠢ ᠪᠦᠷᠢ ᠶᠢᠨ ᠰᠤᠷᠤᠭᠴᠢ ᠶᠢᠨ ᠲᠤᠭ᠎ᠠ ᠶᠢ 55 ᠬᠦᠮᠦᠨ ᠶᠢᠡᠷ ᠬᠢᠵᠠᠭᠠᠷᠯᠠᠪᠠ᠃

    《ᠰᠠᠨᠠᠯ》 ᠳ᠋ᠤ᠂ ᠤᠷᠤᠨ ᠲᠠᠶᠠᠭᠠᠷ ᠤᠨ 103 ᠬᠤᠰᠢᠭᠤ ᠰᠢᠶᠠᠨ( ᠬᠤᠲᠠ᠂ ᠲᠤᠭᠤᠷᠢᠭ) ᠲᠦᠰᠦᠯ ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠠᠢ ᠬᠦᠭ᠍ᠵᠢᠯᠲᠠ ᠶᠢ ᠪᠡᠶᠡᠯᠡᠬᠦᠯᠬᠦ ᠶᠢ ᠪᠠᠲᠤᠯᠠᠬᠤ ᠬᠡᠷᠡᠭᠲᠡᠢ᠃ ᠰᠤᠷᠭᠠᠭᠤᠯᠢ ᠨᠤᠭᠤᠳ ᠤᠨ ᠠᠩᠬᠢ ᠶᠢᠨ ᠰᠤᠷᠤᠭᠴᠢ ᠤᠯᠠᠨ ᠪᠠᠢᠢᠬᠤ ᠶᠢ ᠲᠤᠰᠬᠠᠢ ᠴᠡᠭᠴᠡᠯᠡᠵᠦ᠂ ᠲᠤᠲᠤᠷᠬᠠᠢ ᠠᠵᠢᠯ ᠤᠨ ᠡᠭᠦᠷᠭᠡ ᠲᠤᠭᠲᠠᠭᠠᠬᠤ ᠬᠡᠷᠡᠭᠲᠡᠢ᠃ ᠤᠯᠤᠰ ᠤᠨ ᠬᠠᠮᠢᠶᠠᠲᠠᠢ ᠲᠤᠭᠲᠠᠭᠠᠯ ᠶᠤᠰᠤᠭᠠᠷ ᠰᠤᠷᠭᠠᠭᠤᠯᠢ ᠶᠢᠨ ᠪᠠᠢᠢᠷᠢ ᠨᠡᠮᠡᠨ ᠪᠠᠷᠢᠬᠤ ᠪᠤᠶᠤ ᠦᠷᠭᠡᠳᠭᠡᠵᠦ᠂ ᠬᠤᠲᠠ ᠶᠢᠨ ᠰᠤᠷᠭᠠᠭᠤᠯᠢ ᠶᠢᠨ ᠠᠩᠬᠢ ᠶᠢᠨ ᠰᠤᠷᠤᠭᠴᠢ ᠤᠯᠠᠨ ᠪᠠᠢᠢᠬᠤ ᠠᠰᠠᠭᠤᠲᠠᠯ ᠢ ᠭᠤᠤᠯᠲᠠᠯᠭ᠎ᠠ ᠲᠠᠢ ᠰᠢᠢᠳᠪᠦᠷᠢᠯᠡᠬᠦ ᠬᠡᠷᠡᠭᠲᠡᠢ᠃ ᠬᠤᠲᠠ ᠬᠦᠲᠡᠭᠡ ᠶᠢᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠨᠢᠭᠡ ᠴᠤᠭᠴᠠᠵᠢᠯᠲᠠ ᠶᠢ ᠠᠬᠢᠭᠤᠯᠵᠤ᠂ ᠰᠤᠷᠭᠠᠭᠤᠯᠢ ᠨᠤᠭᠤᠳ ᠤᠨ ᠬᠤᠯᠪᠤᠭ᠎ᠠ ᠪᠠᠢᠢᠭᠤᠯᠬᠤ᠂ ᠪᠠᠭᠰᠢ ᠶᠢᠨ ᠡᠬᠢ ᠪᠠᠶᠠᠯᠢᠭ ᠢ ᠲᠠᠩᠴᠡᠭᠦᠷᠢᠰᠢᠬᠦᠯᠵᠦ᠂ ᠬᠦᠴᠦᠨ ᠪᠠᠭᠤᠷᠠᠢ᠂ ᠬᠦᠲᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ ᠤ ᠰᠤᠷᠭᠠᠭᠤᠯᠢ ᠳ᠋ᠡᠬᠢ ᠲᠡᠮᠵᠢᠬᠦ ᠬᠦᠴᠦᠯᠡᠴᠡ ᠪᠠᠨ ᠨᠡᠮᠡᠭᠲᠡᠬᠦᠯᠵᠦ᠂ ᠰᠤᠷᠤᠭᠴᠢ ᠶᠢᠨ ᠲᠤᠭ᠎ᠠ ᠶᠢ ᠵᠤᠬᠢᠰᠲᠠᠢ ᠲᠤᠬᠢᠷᠠᠭᠤᠯᠬᠤ ᠬᠡᠷᠡᠭᠲᠡᠢ᠃

ᠢᠷᠡᠯᠳᠡ᠄ ᠦᠪᠦᠷ ᠮᠤᠩᠭ᠋ᠤᠯ ᠤᠨ ᠦᠷᠯᠦᠭᠡ ᠶᠢᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120791120074246