蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ  ᠤᠨ ᠶᠠᠮᠤᠨ᠄ ᠲᠡᠭᠦᠰᠬᠦ ᠤᠶᠤᠲᠠᠳ ᠢ ᠶᠠᠮᠠᠷᠴᠤ ᠬᠡᠯᠪᠡᠷᠢ ᠶᠢᠨ ᠠᠯᠪᠠᠳᠠᠯᠭ᠎ᠠ ᠪᠡᠷ ᠠᠵᠢᠯ ᠤᠯᠤᠭᠰᠠᠨ ᠭᠡᠬᠦ ᠭᠡᠷ᠎ᠡ ᠳᠦ ᠭᠠᠷ ᠤᠨ ᠦᠰᠦᠭ ᠵᠢᠷᠤᠭᠤᠯᠵᠤ ᠪᠤᠯᠬᠤ ᠦᠭᠡᠢ

2016-12-09 11:12

    ᠤᠶᠢᠯᠠᠭᠠᠭᠰᠠᠨ ᠢᠶᠡᠷ᠂ ᠤᠶᠢᠷ᠎ᠠ  ᠳᠤ ᠰᠤᠷᠭᠠᠨ ᠬᠦᠮᠦᠵᠢᠯ ᠤᠨ ᠶᠠᠮᠤᠨ ᠡᠴᠡ《ᠤᠯᠤᠰ ᠲᠠᠶᠠᠭᠠᠷ ᠤᠨ ᠡᠩ ᠤᠨ ᠶᠡᠭᠡ ᠲᠡᠭᠡᠳᠤ ᠰᠤᠷᠭᠠᠭᠤᠯᠢ ᠶᠢᠨ 2017 ᠤᠨ ᠤ ᠲᠡᠭᠦᠰᠬᠦ ᠤᠶᠤᠲᠠᠳ ᠤᠨ ᠠᠵᠢᠯ ᠤᠨ ᠪᠠᠶᠢᠷᠢᠨ ᠳᠦ ᠭᠠᠷᠴᠤ ᠦᠢᠯᠡᠰ ᠪᠤᠰᠬᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ》ᠲᠠᠷᠬᠠᠭᠠᠵᠡᠢ᠃

    《ᠮᠡᠳᠡᠭᠳᠡᠯ》 ᠳᠤ᠂ ᠲᠡᠬᠦᠰᠬᠦ ᠤᠶᠤᠲᠠᠳ ᠢ ᠬᠤᠲᠠ ᠬᠦᠳᠡᠭᠡ‌ ᠦᠨᠳᠦᠰᠦᠨ ᠱᠠᠳᠤᠨ ᠤ ᠠᠵᠢᠯ ᠤᠨ ᠪᠠᠶᠢᠷᠢᠨ ᠳᠦ ᠭᠠᠷᠬᠤ ᠶᠢ ᠬᠦᠲᠦᠯᠦᠨ ᠵᠢᠯᠤᠭᠤᠳᠤᠨ᠎ᠠ᠂ ᠲᠡᠬᠦᠰᠬᠦ ᠤᠶᠤᠲᠠᠳ ᠤᠨ ᠲᠤᠮᠳᠠ ᠵᠢᠵᠢᠭ᠌ ᠠᠵᠤ‌ ᠠᠬᠤᠢᠢᠯᠠᠯ ᠤᠨ ᠠᠵᠢᠯ ᠤᠨ ᠪᠠᠶᠢᠷᠢᠨ ᠳᠦ ᠭᠠᠷᠬᠤ ᠶᠢ ᠵᠤᠷᠢᠬᠵᠢᠭᠤᠯᠤᠨ᠎ᠠ᠂ ᠶᠡᠭᠡ ᠲᠡᠭᠡᠳᠤ ᠰᠤᠷᠭᠠᠭᠤᠯᠢ ᠲᠡᠬᠦᠰᠬᠦ ᠤᠶᠤᠲᠠᠳ ᠤᠯᠠᠨ ᠤᠯᠤᠰ ‍ᠤᠨ ‌ᠵᠤᠬᠢᠶᠠᠨ ᠪᠠᠶᠢᠭᠤᠯᠤᠯᠲᠠ ᠳᠤ ᠲᠠᠳᠤᠯᠭ᠎ᠠ ᠬᠢᠵᠤ ᠲᠤᠰᠢᠶᠠᠯ ᠬᠠᠷᠢᠭᠤᠴᠠᠬᠤ ᠶᠢ ᠲᠡᠮᠵᠢᠨ᠎ᠠ᠎᠂ ᠲᠡᠭᠦᠰᠬᠦ ᠤᠶᠤᠲᠠᠳ ᠢ ᠴᠡᠷᠢᠭ ᠤᠨ ᠠᠯᠪᠠᠨ ᠳ᠋ᠦ ᠲᠠᠳᠠᠬᠤ ᠠᠵᠢᠯ  ᠢ ‌ᠦᠷᠬᠦᠯᠵᠢᠯᠡᠨ ᠰᠠᠶᠢᠳᠤᠷ ᠬᠢᠨ᠎ᠠ ᠭᠡᠵᠤ ᠳᠤᠷᠠᠳᠴᠠᠢ᠃

    《ᠮᠡᠳᠡᠭᠳᠡᠯ》 ᠳᠤ᠂ ᠡᠯ᠎ᠡ ᠪᠦᠰᠡ ᠨᠤᠲᠤᠭ ᠤᠨ ᠶᠡᠬᠡ ᠲᠡᠭᠡᠳᠤ ᠰᠤᠷᠭᠠᠭᠤᠯᠢ ᠠᠵᠢᠯ ᠤᠨ ᠪᠠᠶᠢᠷᠢᠨ ᠳᠦ ᠭᠠᠷᠬᠤ ᠪᠦᠷᠢᠳᠭᠡᠯ ᠠᠵᠢᠯ ᠤᠨ ᠱᠠᠭᠠᠷᠳᠠᠯᠭ᠎ᠠ  ᠶᠢ ᠴᠢᠩᠭ᠎ᠠ ᠵᠢᠷᠤᠮᠯᠠᠨ《ᠤᠯᠤᠰ ᠲᠠᠶᠠᠭᠠᠷ ᠤᠨ ᠶᠡᠬᠡ ᠲᠡᠭᠡᠳᠤ ᠰᠤᠷᠭᠠᠭᠤᠯᠢ  ᠵᠢᠨ ᠲᠡᠬᠦᠰᠬᠦ ᠤᠶᠤᠲᠠᠳ ᠤᠨ ᠠᠵᠢᠯ ᠤᠨ ᠪᠠᠶᠢᠷᠢᠨ ᠳᠦ ᠭᠠᠷᠬᠤ ᠶᠢ ᠬᠠᠮᠢᠶᠠᠷᠬᠤ ᠰᠢᠰᠲ᠋ᠧᠮ》 ᠢᠶᠠᠷ ᠲᠠᠮᠵᠢᠵᠤ ᠠᠵᠢᠯ ᠤᠨ ᠪᠠᠶᠢᠷᠢᠨ ᠳᠦ ᠭᠠᠷᠤᠭᠰᠠᠨ ᠰᠤᠷᠠᠭ ‌ᠵᠠᠩᠬᠢ ᠶᠢ ᠴᠠᠭ ᠲᠤᠬᠠᠢ ᠳᠤᠨᠢ ᠲᠡᠭᠡᠭ᠍ᠰᠢ ᠮᠡᠳᠡᠬᠦᠯᠬᠦ ᠶᠢᠨ ᠳᠠᠭᠠᠤ ᠰᠢᠨᠡᠴᠢᠯᠡᠵᠤ᠂ ᠲᠤᠭ᠎ᠠ ᠪᠠᠷᠢᠮᠲᠠ  ᠶᠢᠨ ᠦᠨᠡᠨ ᠪᠤᠲᠠᠲᠠᠢ ᠪᠦᠭᠡᠳ‌ ᠤᠨᠤᠪᠴᠢᠲᠠᠢ ᠶᠢ ᠪᠠᠲᠤᠯᠠᠬᠤ ᠬᠡᠷᠡᠭᠲᠠᠢ᠃ ᠠᠵᠢᠯ ᠤᠨ ᠪᠠᠶᠢᠷᠢᠨ ᠳᠦ ᠭᠠᠷᠬᠤ ᠬᠡᠯᠡᠯᠴᠡᠭᠡᠷ ᠪᠠᠶᠢᠭᠤᠯᠬᠤ ᠳᠦ《ᠲᠦᠷᠪᠡᠨ ᠪᠤᠯᠬᠤ ᠦᠭᠡᠢ》 ᠱᠠᠭᠠᠷᠳᠠᠯᠭ᠎ᠠ ᠶᠢᠨ ᠳᠠᠭᠠᠤ ᠂ ᠶᠠᠮᠠᠷ ᠴᠤ ᠠᠷᠭ᠎ᠠ ᠬᠡᠯᠪᠡᠷᠢ ᠶᠢᠨ ᠠᠯᠪᠠᠳᠠᠯᠭ᠎ᠠ ᠪᠡᠷ ᠠᠵᠢᠯ ᠤᠨ ᠪᠠᠶᠢᠷᠢᠨ ᠳᠦ ᠭᠠᠷᠤᠭᠰᠠᠨ ᠬᠡᠯᠡᠯᠴᠡᠭᠡᠷ ᠪᠠ ᠬᠦᠳᠡᠯᠮᠦᠷᠢ ᠶᠢᠨ ᠭᠡᠷ᠎ᠠ ᠪᠠᠶᠢᠭᠤᠯᠵᠤ ᠪᠤᠯᠬᠤ ᠦᠭᠡᠢ᠂ ᠲᠡᠬᠦᠰᠬᠦ ᠦᠨᠡᠮᠯᠡᠯ ᠪᠤᠯᠤᠨ ᠰᠤᠷᠤᠯᠭ᠎ᠠ ᠶᠢᠨ ᠴᠤᠯᠠ ᠶᠢᠨ ᠦᠨᠡᠮᠯᠡᠯ ᠤᠯᠭᠤᠬᠤ ᠶᠢ ᠭᠡᠷ᠎ᠡ ᠪᠠᠶᠢᠭᠤᠯᠬᠤ ᠲᠠᠢ ᠬᠤᠯᠪᠤᠭᠳᠠᠭᠤᠯᠵᠤ ᠪᠤᠯᠬᠤ ᠦᠭᠡᠢ᠂ ᠡᠷᠦᠭᠡ ᠠᠮᠠ ᠵᠢᠨ‌‍ ᠲ᠋ᠠᠩᠰᠠ ᠶᠢ ᠨᠢ ᠨᠠᠶᠢᠳᠠᠨ ᠬᠠᠮᠢᠶᠠᠷᠬᠤ ᠪᠠᠷ ᠰᠢᠯᠲᠠᠭᠠᠯᠠᠨ ᠲᠡᠬᠦᠰᠬᠦ ᠤᠶᠤᠲᠠᠳ ᠢ ᠢᠳᠬᠠᠨ ᠬᠠᠭᠤᠷᠮᠠᠭ ᠬᠡᠯᠡᠯᠴᠡᠭᠡᠷ ᠪᠠᠶᠢᠭᠤᠯᠵᠤ ‌‍ᠪᠤᠯᠬᠤ ᠦᠭᠡᠢ᠂ ᠠᠵᠢᠯ ᠤᠨ ᠪᠠᠶᠢᠷᠢ ᠤᠷᠤᠯᠠᠨ ᠲᠠᠳᠤᠯᠭ᠎ᠠ ᠬᠢᠭ᠍ᠰᠡᠨ᠂ ᠲᠠᠭᠠᠵᠤ ᠰᠤᠷᠤᠭᠰᠠᠨ ᠭᠡᠷᠡᠴᠢ ᠮᠠᠲ᠋ᠧᠷᠢᠶᠠᠯ ᠢᠶᠡᠷ ᠠᠵᠢᠯ ᠤᠨ ᠪᠠᠶᠢᠷᠢᠨ ᠳᠦ ᠭᠠᠷᠤᠭᠰᠠᠨ ᠭᠡᠷᠡᠴᠢ ᠪᠤᠯᠭᠠᠵᠤ ᠪᠤᠯᠬᠤ ᠦᠭᠡᠢ᠃ ᠭᠠᠳᠠᠭᠤᠷᠴᠢᠯᠠᠯ ᠤᠨ ᠴᠢᠨᠠᠷᠲᠠᠢ ᠠᠭᠤᠯᠭ᠎ᠠ ᠪᠦᠬᠦᠢ ᠠᠵᠢᠯᠲᠠᠨ ᠡᠯᠰᠡᠬᠦ ᠰᠤᠷᠠᠭ ‌ᠵᠠᠩᠬᠢ ᠨᠡᠶᠢᠲᠡᠯᠡᠵᠤ ᠪᠤᠯᠬᠤ ᠦᠭᠡᠢ᠂ ᠠᠵᠢᠯᠲᠠᠨ ᠡᠯᠰᠡᠬᠦ ᠮᠡᠭᠡᠯᠡᠯ᠂ ᠠᠵᠢᠯ ᠤᠨ ᠪᠠᠶᠢᠷᠢ ᠬᠠᠩᠭᠠᠬᠤ ᠮᠡᠭᠡᠯᠡᠯ ᠵᠡᠷᠭᠡ  ᠡᠴᠡ ᠰᠡᠷᠭᠡᠶᠢᠯᠡᠬᠦ ᠬᠡᠷᠡᠭᠲᠠᠢ᠃ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠴᠤᠭᠯᠠᠭᠠᠨ ᠵᠡᠷᠭᠡ ᠠᠵᠢᠯᠯᠠᠭ᠎ᠠ ᠶᠢᠨ ᠠᠶᠤᠯᠭᠦᠢ᠂ ᠡᠮᠬᠢ ᠲᠢᠭ᠍ᠯᠢᠮ ᠲᠠᠢ ᠪᠠᠶᠢᠬᠤ ᠶᠢ ᠪᠠᠲᠤᠯᠠᠵᠤ᠂ ᠰᠢᠬᠠᠯᠴᠠᠵᠤ ᠬᠢᠰᠬᠢᠯᠴᠡᠬᠦ ᠵᠡᠷᠭᠡ ᠭᠡᠨᠡᠳᠲᠡ ᠶᠢᠨ ᠤᠰᠤᠯ ᠡᠬᠦᠰᠬᠦ ᠡᠴᠡ ᠰᠡᠷᠭᠡᠶᠢᠯᠡᠬᠦ ᠬᠡᠷᠡᠭᠲᠠᠢ ᠭᠡᠵᠤ ᠱᠠᠭᠠᠷᠳᠠᠵᠠᠢ᠃ ᠨᠠᠷᠢᠨ ᠠᠭᠤᠯᠭ᠎ᠠ ᠶᠢ ᠬᠤᠯᠪᠤᠭᠠᠰᠤ ᠡᠴᠡ ᠤᠶᠢᠯᠠᠭᠠᠭᠠᠷᠠᠢ !

http://politics.people.com.cn/n1/2016/1207/c1001-28932302.html

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
关闭
010070230030000000000000011100001120086982