蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠲᠡᠭᠡᠳᠦ ᠲᠦᠪᠰᠢᠨ ᠤ ᠴᠢᠲᠠᠪᠤᠷᠢᠲᠠᠨ ᠤᠷᠢᠵᠤ ᠬᠡᠷᠡᠭᠯᠡᠬᠦ ᠪᠡᠷ ᠪᠠᠢᠢᠨ᠎ᠠ

2016-12-12 15:47

    ᠰᠡᠬᠦᠯ ᠤᠨ ᠦᠶ᠎ᠠ ᠳ᠋ᠤ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠬᠡᠴᠡ ᠪᠠ ᠨᠡᠢᠢᠭᠡᠮ ᠤᠨ ᠪᠠᠲᠤᠯᠠᠭᠠᠨ ᠤ ᠲᠢᠩᠬᠢᠮ ᠡᠴᠡ 《2016 – 2017 ᠤᠨ ᠤ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠡᠴᠡ ᠲᠡᠭᠡᠳᠦ ᠲᠦᠪᠰᠢᠨ ᠤ ᠴᠢᠲᠠᠪᠤᠷᠢᠲᠠᠨ ᠤᠷᠢᠵᠤ ᠬᠡᠷᠡᠭᠯᠡᠬᠦ ᠮᠡᠲᠡᠭᠲᠡᠯ》 ᠢ ᠵᠠᠷᠯᠠᠪᠠ᠂ ᠨᠦᠬᠦᠴᠡᠯ ᠳ᠋ᠤ ᠬᠦᠷᠬᠦ ᠬᠦᠮᠦᠰ ᠴᠢᠲᠠᠪᠤᠷᠢᠲᠠᠨ ᠬᠡᠷᠡᠭᠯᠡᠬᠦ ᠪᠠᠢᠢᠭᠤᠯᠤᠯᠭ᠎ᠠ ᠨᠢᠭᠡᠴᠡ ᠲᠠᠢ ᠬᠠᠷᠢᠴᠠᠨ ᠨᠡᠷ᠎ᠡ ᠪᠦᠷᠢᠳᠭᠡᠬᠦᠯᠵᠦ ᠪᠤᠯᠤᠨ᠎ᠠ᠃

    ᠤᠢᠢᠯᠠᠭᠠᠭᠰᠠᠨ ᠶᠢᠡᠷ᠂ ᠲᠤᠰ ᠤᠲᠠᠭᠠᠨ ᠤ ᠴᠢᠲᠠᠪᠤᠷᠢᠲᠠᠨ ᠤᠷᠢᠵᠤ ᠬᠡᠷᠡᠭᠯᠡᠬᠦ  ᠪᠠᠢᠢᠭᠤᠯᠤᠯᠭ᠎ᠠ ᠨᠢᠭᠡᠴᠡ ᠳ᠋ᠤ ᠦᠪᠦᠷ ᠮᠤᠩᠭ᠋ᠤᠯ ᠤᠨ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠠᠵᠤ ᠦᠢᠯᠡᠳᠪᠦᠷᠢ ᠶᠢᠨ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠡᠳ᠋ ᠤᠨ ᠵᠠᠰᠠᠭ ᠤᠨ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠦᠨᠳᠦᠰᠦᠲᠡᠨ ᠤ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠬᠠᠷᠢᠶᠠᠲᠤ ᠡᠮᠨᠡᠯᠭᠡ᠂ ᠦᠪᠦᠷ ᠮᠤᠩᠭ᠋ᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ᠂ ᠦᠪᠦᠷ ᠮᠤᠩᠭ᠋ᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠲᠸᠭ᠍᠍ᠨᠤᠯᠤᠬᠢ ᠶᠢᠨ ᠰᠤᠷᠠᠭ ᠵᠠᠩᠬᠢ ᠶᠢᠨ ᠰᠤᠲᠤᠯᠭᠠᠨ ᠤ ᠬᠦᠷᠢᠶᠡᠯᠡᠩ᠂ ᠦᠪᠦᠷ ᠮᠤᠩᠭ᠋ᠤᠯ ᠤᠨ ᠪᠠᠢᠢᠭᠠᠯᠢ ᠤᠷᠴᠢᠨ ᠤ ᠰᠢᠨᠵᠢᠯᠡᠬᠦ ᠤᠬᠠᠭᠠᠨ ᠲᠸᠭ᠍᠍ᠨᠤᠯᠤᠬᠢ ᠶᠢᠨ ᠰᠤᠲᠤᠯᠭᠠᠨ ᠤ ᠬᠦᠷᠢᠶᠡᠯᠡᠩ᠂ ᠦᠪᠦᠷ ᠮᠤᠩᠭ᠋ᠤᠯ ᠤᠨ ᠪᠠᠶ᠎ᠠ ᠶᠢᠨ ᠲᠠᠮᠢᠷ ᠤᠨ ᠰᠢᠨᠵᠢᠯᠡᠬᠦ ᠤᠬᠠᠭᠠᠨ ᠲᠸᠭ᠍᠍ᠨᠤᠯᠤᠬᠢ ᠶᠢᠨ ᠰᠤᠲᠤᠯᠭᠠᠨ ᠤ ᠬᠦᠷᠢᠶᠡᠯᠡᠩ᠂ ᠦᠪᠦᠷ ᠮᠤᠩᠭ᠋ᠤᠯ ᠤᠨ ᠰᠲ᠋ᠠᠨᠳᠠᠷᠲ ᠤᠨ ᠬᠦᠷᠢᠶᠡᠯᠡᠩ᠂ ᠦᠪᠦᠷ ᠮᠤᠩᠭ᠋ᠤᠯ ᠤᠨ ᠡᠬᠡ ᠨᠢᠯᠬᠠᠰ ᠤᠨ ᠡᠷᠡᠬᠦᠯᠵᠢᠯ ᠤᠨ ᠡᠮᠨᠡᠯᠭᠡ ᠵᠡᠷᠭᠡ᠃ ᠰᠤᠷᠤᠯᠭ᠎ᠠ ᠶᠢᠨ ᠨᠠᠮᠲᠠᠷ ᠢ ᠦᠨᠳᠦᠰᠦᠨ ᠠᠩᠬᠢ ᠪᠤᠶᠤ ᠲᠡᠭᠦᠨ ᠡᠴᠡ ᠲᠡᠭᠡᠭ᠍ᠰᠢ ᠪᠠᠢᠢᠬᠤ ᠶᠢ ᠱᠠᠭᠠᠷᠲᠠᠵᠤ᠂ ᠠᠨᠠᠭᠠᠬᠤ ᠤᠬᠠᠭᠠᠨ᠂ ᠵᠢᠭᠠᠨ ᠰᠤᠷᠭᠠᠯᠲᠠ᠂ ᠰᠢᠨᠵᠢᠯᠡᠭᠡ ᠰᠤᠲᠤᠯᠭ᠎ᠠ᠂ ᠲᠤᠰᠬᠠᠢ ᠮᠡᠷᠭᠡᠵᠢᠯ ᠵᠡᠷᠭᠡ ᠠᠵᠢᠯ ᠤᠨ ᠪᠠᠢᠢᠷᠢ ᠳ᠋ᠤ ᠲᠦᠪᠯᠡᠷᠡᠵᠦ ᠪᠤᠢ᠃

ᠢᠷᠡᠯᠳᠡ᠄ ᠬᠦᠬᠡᠬᠤᠲᠠ ᠶᠢᠨ ᠤᠷᠤᠢ ᠶᠢᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
关闭
010070230030000000000000011120791120101789