蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ 《13•5》ᠲᠦᠰᠦᠯ ᠤᠨ ᠬᠤᠭᠤᠴᠠᠭᠠᠨ ᠳ᠋ᠤ ᠶᠡᠬᠡ ᠲᠡᠭᠡᠳᠦ ᠰᠤᠷᠭᠠᠭᠤᠯᠢ ᠡᠴᠡ ᠲᠡᠭᠦᠰᠦᠭᠰᠡᠨ 65 ᠲᠦᠮᠡᠨ ᠤᠶᠤᠲᠠᠳ ᠤᠨ ᠠᠵᠢᠯ  ᠤᠯᠬᠤ ᠶᠢ ᠲᠡᠮᠵᠢᠨ᠎ᠡ

2016-12-21 10:42

    ᠰᠢᠨᠬᠤᠸᠠ ᠬᠤᠷᠢᠶ᠎ᠠ   ᠬᠦᠬᠡᠬᠤᠲᠠ ᠶᠢᠨ 12 ᠰᠠᠷ᠎ᠠ ᠶᠢᠨ 15 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢ ᠶᠦᠨ ᠫᠢᠩ ) ᠰᠤᠷᠪᠤᠯᠵᠢᠯᠠᠭᠴᠢ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠭᠡᠴᠡ ᠪᠠ ᠨᠡᠢᠢᠭᠡᠮ ᠤᠨ ᠪᠠᠲᠤᠯᠠᠭᠠᠨ ᠤ ᠲᠢᠩᠬᠢᠮ ᠡᠴᠡ ᠤᠢᠢᠯᠠᠭᠠᠭᠰᠠᠨ ᠶᠢᠡᠷ᠂ᠦᠪᠦᠷ ᠮᠤᠩᠭ᠋ᠤᠯ 《13·5》ᠲᠦᠰᠦᠯ ᠤᠨ ᠬᠤᠭᠤᠴᠠᠭᠠᠨ ᠳ᠋ᠤ ᠶᠡᠬᠡ ᠲᠡᠭᠡᠳᠦ ᠰᠤᠷᠭᠠᠭᠤᠯᠢ ᠡᠴᠡ ᠲᠡᠭᠦᠰᠦᠭᠰᠡᠨ 65 ᠲᠦᠮᠡᠨ ᠤᠶᠤᠲᠠᠳ ᠤᠨ ᠠᠵᠢᠯ  ᠤᠯᠬᠤ ᠶᠢ ᠲᠡᠮᠵᠢᠨ᠎ᠡ ᠭᠡᠵᠡᠢ᠃

    ᠲᠠᠨᠢᠯᠴᠠᠭᠤᠯᠤᠭᠰᠠᠨ ᠶᠢᠡᠷ᠂ ᠦᠪᠦᠷ ᠮᠤᠩᠭ᠋ᠤᠯ《ᠬᠤᠷᠢᠶᠠᠯᠡᠯ ᠠᠷᠠᠳ ᠤᠨ ᠠᠮᠢᠵᠢᠷᠭᠠᠨ ᠳ᠋ᠤ ᠦᠢᠯᠡᠴᠢᠯᠡᠬᠦ ᠰᠠᠢᠢᠨ ᠲᠤᠷᠠᠲᠠᠳ》ᠵᠡᠷᠭᠡ ᠶᠡᠬᠡ ᠲᠡᠭᠡᠳᠦ ᠰᠤᠷᠭᠠᠭᠤᠯᠢ ᠡᠴᠡ ᠲᠡᠭᠦᠰᠦᠭᠰᠡᠨ ᠤᠶᠤᠲᠠᠳ ᠤᠨ ᠦᠨᠳᠦᠰᠦᠨ ᠱᠠᠲᠤᠨ ᠳ᠋ᠤ ᠦᠢᠯᠡᠴᠢᠯᠡᠬᠦ ᠲᠦᠰᠦᠯ ᠢ ᠬᠡᠷᠡᠭᠵᠢᠬᠦᠯᠵᠦ᠂ ᠶᠡᠬᠡ ᠲᠡᠭᠡᠳᠦ ᠰᠤᠷᠭᠠᠭᠤᠯᠢ ᠡᠴᠡ ᠲᠡᠭᠦᠰᠦᠭᠰᠡᠨ ᠤᠶᠤᠲᠠᠳ ᠤᠨ ᠬᠦᠲᠡᠭᠡ ᠤᠷᠤᠨ ᠨᠤᠲᠤᠭ ᠪᠠ ᠲᠤᠮᠲᠠ ᠵᠢᠵᠢᠭ ᠠᠵᠤ ᠠᠬᠤᠢᠢᠯᠠᠯ ᠶᠢᠡᠷ ᠠᠵᠢᠯ ᠳ᠋ᠤ ᠤᠷᠤᠬᠤ ᠶᠢ ᠵᠤᠷᠢᠭᠵᠢᠭᠤᠯᠤᠨ᠎ᠠ᠃ ᠠᠵᠢᠯ ᠳ᠋ᠤ ᠤᠷᠤᠭ᠎ᠠ ᠦᠭᠡᠢ ᠶᠡᠬᠡ ᠲᠡᠭᠡᠳᠦ ᠰᠤᠷᠭᠠᠭᠤᠯᠢ ᠡᠴᠡ ᠲᠡᠭᠦᠰᠦᠭᠰᠡᠨ ᠤᠶᠤᠲᠠᠳ ᠲᠤ ᠲᠠᠲᠤᠯᠭ᠎ᠠ ᠪᠤᠯᠪᠠᠰᠤᠷᠠᠯ ᠬᠠᠩᠭ᠋ᠠᠨ᠎ᠠ᠃ ᠦᠢᠯᠡᠰ ᠡᠷᠬᠢᠯᠡᠬᠦ ᠳ᠋ᠤ ᠲᠦᠷᠦ ᠶᠢᠨ ᠪᠤᠲᠤᠯᠭ᠎ᠠ᠂ ᠡᠳ᠋ ᠤᠨ ᠵᠠᠰᠠᠭ ᠵᠡᠷᠭᠡ ᠪᠦᠷᠢᠨ ᠲᠦᠬᠦᠷ ᠦᠢᠯᠡᠴᠢᠯᠡᠭᠡ ᠬᠠᠩᠭ᠋ᠠᠵᠤ᠂ ᠶᠡᠬᠡ ᠲᠡᠭᠡᠳᠦ ᠰᠤᠷᠭᠠᠭᠤᠯᠢ ᠡᠴᠡ ᠲᠡᠭᠦᠰᠦᠭᠰᠡᠨ ᠤᠶᠤᠲᠠᠳ ᠤᠨ ᠦᠢᠯᠡᠰ ᠡᠷᠬᠢᠯᠡᠭᠰᠡᠨ ᠨᠡᠷᠡᠲᠦ ᠲᠡᠮᠲᠡᠭᠲᠦ ᠶᠢ ᠪᠤᠢ ᠪᠤᠯᠭᠠᠨ᠎ᠠ᠃ ᠮᠦᠨ ᠡᠭᠦᠨ ᠤ ᠲᠠᠭᠠᠤ ᠢᠨᠲ᠋ᠸᠷᠨ᠋ᠸᠲ᠂ ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠮᠡᠷᠭᠡᠵᠢᠯ ᠶᠢᠡᠷ ᠠᠵᠢᠯ ᠳ᠋ᠤ ᠤᠷᠤᠬᠤ ᠬᠠᠮᠢᠶ᠎ᠠ ᠲᠠᠢ ᠮᠡᠲᠡᠭᠡ ᠮᠡᠲᠡᠭᠡᠯᠡᠯ ᠢ ᠨᠡᠢᠢᠲᠡᠯᠡᠵᠦ᠂ ᠶᠡᠬᠡ ᠲᠡᠭᠡᠳᠦ ᠰᠤᠷᠭᠠᠭᠤᠯᠢ ᠡᠴᠡ ᠲᠡᠭᠦᠰᠦᠭᠰᠡᠨ ᠤᠶᠤᠲᠠᠳ ᠤᠨ ᠠᠵᠢᠯ ᠳ᠋ᠤ ᠤᠷᠤᠬᠤ ᠳ᠋ᠤᠨᠢ ᠦᠢᠯᠡᠴᠢᠯᠡᠵᠦ᠂ ᠬᠦᠮᠦᠨ ᠤ ᠨᠦᠬᠡᠴᠡ ᠡᠬᠢ ᠪᠠᠶᠠᠯᠢᠭ ᠤᠨ ᠵᠠᠬ᠎ᠠ ᠵᠡᠬᠡᠯᠢ ᠶᠢᠨ ᠲᠤᠬᠢᠷᠠᠭᠤᠯᠤᠯᠲᠠ ᠶᠢ ᠠᠬᠢᠭᠤᠯᠬᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120791120150842