蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠮᠤᠩᠭ᠋ᠤᠯ ᠶᠢᠡᠷ ᠬᠢᠴᠢᠶᠡᠯᠯᠡᠬᠦ ᠳᠣᠮᠳᠠᠳᠣ ᠰᠣᠷᠭᠠᠭᠤᠯᠢ ᠶᠢᠨ ᠬᠢᠳᠠᠳ ᠬᠡᠯᠡᠨ ᠤ ᠪᠠᠭᠰᠢ ᠨᠠᠷ ᠤᠨ ᠪᠣᠯᠪᠠᠰᠣᠷᠠᠯ ᠪᠠᠭᠠᠷᠢᠨ ᠵᠡᠬᠦᠨ ᠬᠤᠰᠢᠭᠤᠨ ᠳᠤ ᠪᠤᠯᠪᠠ

2016-12-23 16:52

    ᠤᠶᠢᠷ᠎ᠠ ᠶᠢᠨ ᠡᠳᠦᠷ᠂ ᠪᠦᠬᠦ ᠣᠷᠣᠨ ᠤ ᠮᠤᠩᠭ᠋ᠤᠯ ᠶᠢᠡᠷ ᠬᠢᠴᠢᠶᠡᠯᠯᠡᠬᠦ ᠳᠣᠮᠳᠠᠳᠣ ᠰᠣᠷᠭᠠᠭᠤᠯᠢ ᠶᠢᠨ ᠬᠢᠳᠠᠳ ᠬᠡᠯᠡᠨ ᠤ ᠪᠠᠭᠰᠢ ᠨᠠᠷ ᠤᠨ ᠪᠣᠯᠪᠠᠰᠣᠷᠠᠯ ᠪᠠᠭᠠᠷᠢᠨ ᠵᠡᠬᠦᠨ ᠬᠤᠰᠢᠭᠤᠨ ᠤ ᠯᠢᠨᠳᠦ᠋ᠩ ᠳ᠋ᠡᠭᠢ ᠮᠤᠩᠭ᠋ᠤᠯ ᠦᠨᠳᠦᠰᠦᠲᠡᠨ ᠤ ᠳᠣᠮᠳᠠᠳᠣ ᠰᠣᠷᠭᠠᠭᠤᠯᠢ ᠳᠤ ᠡᠬᠢᠯᠡᠪᠡ᠃

    ᠲᠣᠰ ᠣᠳᠠᠭᠠᠨ ᠤ ᠪᠣᠯᠪᠠᠰᠣᠷᠠᠯ ᠳᠤ ᠪᠦᠬᠦ ᠣᠷᠣᠨ ᠤ ᠮᠤᠩᠭ᠋ᠤᠯ ᠶᠢᠡᠷ ᠬᠢᠴᠢᠶᠡᠯᠯᠡᠬᠦ ᠳᠣᠮᠳᠠᠳᠣ ᠰᠣᠷᠭᠠᠭᠤᠯᠢ ᠶᠢᠨ 200 ᠭᠠᠷᠤᠢ ᠬᠢᠳᠠᠳ ᠬᠡᠯᠡᠨ ᠤ ᠪᠠᠭᠰᠢ ᠣᠷᠣᠯᠴᠠᠪᠠ᠃ ᠪᠣᠯᠪᠠᠰᠣᠷᠠᠯ ᠢ ᠦᠪᠦᠷ ᠮᠤᠩᠭ᠋ᠤᠯ ᠤᠨ ᠰᠣᠷᠭᠠᠨ ᠬᠦᠮᠦᠵᠢᠯ ᠤᠨ ᠲᠢᠩᠭᠢᠮ ᠭᠤᠣᠯᠯᠠᠨ ᠡᠷᠬᠢᠯᠡᠵᠦ᠂ ᠣᠯᠠᠭᠠᠨᠬᠠᠳᠠ ᠬᠤᠲᠠ ᠶᠢᠨ ᠰᠣᠷᠭᠠᠨ ᠬᠦᠮᠦᠵᠢᠯ ᠤᠨ ᠲᠣᠪᠴᠢᠶ᠎ᠠ ᠳᠠᠭᠠᠭᠠᠴᠢᠯᠠᠨ ᠬᠢᠵᠦ᠂ ᠪᠠᠭᠠᠷᠢᠨ ᠵᠡᠬᠦᠨ ᠬᠤᠰᠢᠭᠤᠨ ᠤ ᠰᠣᠷᠭᠠᠨ ᠬᠦᠮᠦᠵᠢᠯ ᠤᠨ ᠲᠣᠪᠴᠢᠶ᠎ᠠ ᠪᠠ ᠪᠠᠭᠠᠷᠢᠨ ᠵᠡᠬᠦᠨ ᠬᠤᠰᠢᠭᠤᠨ ᠤ ᠯᠢᠨᠳᠦ᠋ᠩ ᠳ᠋ᠡᠭᠢ ᠮᠣᠩᠠᠠᠤᠯ ᠦᠨᠳᠦᠰᠦᠲᠡᠨ ᠤ ᠳᠣᠮᠳᠠᠳᠣ ᠰᠣᠷᠭᠠᠭᠤᠯᠢ ᠬᠦᠢᠴᠡᠳᠬᠡᠨ ᠪᠡᠶᠡᠯᠡᠬᠦᠯᠵᠦ᠂ ᠲᠣᠰᠬᠠᠢ ᠮᠡᠷᠭᠡᠵᠢᠯᠲᠡ ᠣᠷᠢᠵᠣ ᠶᠠᠷᠢᠶ᠎ᠠ ᠲᠠᠶᠢᠯᠣᠮᠵᠢ ᠬᠢᠯᠬᠡᠬᠦ ᠪᠣᠶᠣ ᠪᠠᠭᠰᠢ ᠨᠠᠷ ᠤᠨ ᠨᠡᠭᠡᠭᠡᠯᠲᠡᠲᠡᠢ ᠬᠢᠴᠢᠶᠡᠯ ᠢ ᠰᠣᠨᠣᠰᠬᠤ ᠮᠠᠶ᠊ᠢᠭ ᠪᠠ ᠪᠠᠭᠰᠢ ᠨᠠᠷ ᠤᠨ ᠶᠠᠷᠢᠯᠴᠠᠨ ᠰᠣᠳᠣᠯᠬᠤ ᠵᠡᠷᠭᠡ ᠣᠯᠠᠨ ᠲᠦᠷᠦᠯ ᠢᠶᠠᠷ ᠶᠠᠪᠤᠭᠳᠠᠭᠰᠠᠨ ᠪᠠᠶᠢᠨ᠎ᠠ᠃

ᠢᠷᠡᠯᠳᠡ᠄ ᠲᠤᠮᠲᠠᠲᠤ ᠤᠯᠤᠰ ᠤᠨ ᠮᠤᠩᠭ᠋ᠤᠯ ᠬᠡᠯᠡᠨ ᠤ ᠰᠤᠨᠢᠨ ᠮᠡᠲᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120791120177269