蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠦᠪ CTTI ᠶ᠋ᠢᠨ ᠬᠡᠰᠢᠬᠦᠨ ᠪᠤᠯᠪᠠ

2016-12-29 08:24

    ᠰᠢᠨᠬᠤᠸᠠ ᠮᠤᠩᠭᠤᠯ ᠨᠧᠲ   ᠬᠦᠬᠡᠬᠤᠳᠠ ᠶᠢᠨ 12 ᠰᠠᠷ᠎ᠠ ᠶᠢᠨ 28 ᠤ ᠡᠳᠤᠷ ᠤᠨ ᠴᠠᠬᠢᠯᠭᠠᠨ ᠮᠡᠳᠡᠬᠡ (ᠪᠠᠢ ᠯᠢᠩ ᠳ᠋ᠢ) 28 ᠤ ᠡᠳᠤᠷ᠂ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠦᠪ ᠤᠨ ᠰᠢᠨ᠎ᠡ ᠬᠡᠯᠪᠡᠷᠢ ᠶᠢᠨ ᠤᠶᠤᠨ ᠤ ᠬᠦᠮᠦᠷᠬᠡ ᠶᠢᠨ ᠪᠠᠶᠢᠭᠤᠯᠤᠯᠳᠠ ᠵᠢᠴᠢ 2016 ᠤᠨ ᠤ ᠰᠤᠷᠭᠠᠨ ᠬᠦᠮᠦᠵᠢᠯ ᠤᠨ ᠶᠠᠮᠤᠨ ᠤ ᠲᠤᠮᠤ ᠲᠦᠰᠦᠯ ᠤᠨ ᠨᠡᠬᠡᠬᠡᠯᠳᠡ ᠶᠢᠨ ᠠᠵᠢᠯᠯᠠᠭ᠎ᠠ ᠬᠦᠬᠡᠬᠤᠳᠠ ᠳᠤ ᠪᠤᠯᠪᠠ᠃

    ᠤᠶᠢᠯᠠᠭᠠᠭᠰᠠᠨ ᠢᠶᠡᠷ᠂ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠦᠪ ᠨᠢ ᠲᠤᠮᠳᠠᠳᠤ ᠤᠯᠤᠰ ᠤᠨ ᠤᠶᠤᠨ ᠤ ᠬᠦᠮᠦᠷᠬᠡ ᠶᠢᠨ ᠬᠡᠯᠬᠢᠶᠡᠰᠦ (CTTI ) ᠶᠢᠨ ᠠᠩᠬᠠᠨ ᠤ ᠪᠦᠯᠦᠭ ᠬᠡᠰᠢᠬᠦᠨ ᠤ ᠨᠡᠷᠡᠰ ᠲᠤ ᠵᠢᠬᠰᠠᠭᠠᠭᠳᠠᠵᠤ᠂ ᠦᠪᠦᠷ ᠮᠤᠩᠭᠤᠯ ᠤᠨ ᠶᠡᠬᠡ ᠲᠡᠭᠡᠳᠤ ᠰᠤᠷᠭᠠᠭᠤᠯᠢ  ᠨᠤᠭᠤᠳ ᠡᠴᠡ ᠰᠢᠯᠢᠭᠳᠡᠭᠰᠡᠨ ᠴᠤᠷ ᠤᠨ ᠭᠠᠭᠴᠠ ᠬᠡᠰᠢᠬᠦᠨ ᠨᠢᠬᠡᠴᠡ ᠪᠤᠯᠵᠠᠢ᠃ ᠲᠤᠮᠳᠠᠳᠤ ᠤᠯᠤᠰ ᠤᠨ ᠤᠶᠤᠨ ᠤ ᠬᠦᠮᠦᠷᠬᠡ ᠶᠢᠨ ᠬᠡᠯᠬᠢᠶᠡᠰᠦ ᠨᠢ ᠨᠠᠨᠵᠢᠩ ᠶᠡᠬᠡ ᠰᠤᠷᠭᠠᠭᠤᠯᠢ ᠶᠢᠨ ᠲᠤᠮᠳᠠᠳᠤ ᠤᠯᠤᠰ ᠤᠨ ᠤᠶᠤᠨ ᠤ ᠬᠦᠮᠦᠷᠬᠡ ᠶᠢᠨ ᠰᠤᠳᠤᠯᠭᠠᠨ ᠤ ᠲᠦᠪ ᠪᠤᠯᠤᠨ ᠭᠤᠸᠠᠩᠮᠢᠩ ᠡᠳᠤᠷ ᠤᠨ ᠰᠤᠨᠢᠨ ᠤ ᠤᠶᠤᠨ ᠤ ᠬᠦᠮᠦᠷᠬᠡ ᠶᠢᠨ ᠰᠤᠳᠤᠯᠭᠠᠨ ᠤ ᠲᠦᠪ ᠬᠠᠮᠳᠤᠷᠠᠨ ᠡᠬᠦᠳᠦᠭᠰᠡᠨ ᠲᠤᠮᠳᠠᠳᠤ ᠤᠯᠤᠰ ᠤᠨ ᠠᠩᠬᠠᠨ ᠤ ᠬᠠᠶᠢᠯᠳᠠ ᠶᠢᠨ ᠰᠢᠰᠲ᠋ᠧᠮ ᠵᠢᠴᠢ ᠳ᠋ᠡᠶᠢᠲ᠋ᠠ ᠲᠠᠪᠴᠠᠩ ᠪᠤᠯᠬᠤ ᠶᠤᠮ᠃ 12 ᠰᠠᠷ᠎ᠠ ᠶᠢᠨ 17 ᠤ ᠡᠳᠤᠷ ᠪᠤᠯᠤᠭᠰᠠᠨ《2016 ᠤᠨ ᠤ ᠲᠤᠮᠳᠠᠳᠤ ᠤᠯᠤᠰ ᠤᠨ ᠤᠶᠤᠨ ᠤ ᠬᠦᠮᠦᠷᠬᠡ ᠶᠢ ᠵᠠᠰᠠᠨ ᠴᠡᠭᠴᠡᠯᠡᠬᠦ ᠹᠤᠷᠦ᠋ᠮ》 ᠢᠶᠡᠷ ᠠᠩᠬᠠᠨ ᠤ ᠪᠦᠯᠦᠭ ᠬᠡᠰᠢᠬᠦᠨ ᠨᠢᠬᠡᠴᠡ ᠶᠢᠨ ᠨᠡᠷᠡᠰ ᠪᠤᠯᠤᠨ ᠦᠨᠡᠯᠡᠯᠳᠡ ᠶᠢᠨ ᠮᠡᠳᠡᠬᠦᠯᠦᠯᠳᠡ ᠶᠢ ᠨᠡᠶᠢᠳᠡᠯᠡᠭᠰᠡᠨ ᠪᠠᠶᠢᠨ᠎ᠠ᠃

    《ᠤᠶᠤᠨ ᠤ ᠬᠦᠮᠦᠷᠬᠡ ᠪᠤᠯ ᠰᠢᠨ᠎ᠡ ᠡᠬᠦᠳᠦᠯᠳᠡ᠂ ᠶᠡᠬᠡ ᠲᠡᠭᠡᠳᠤ ᠰᠤᠷᠭᠠᠭᠤᠯᠢ ᠳᠤ ᠤᠶᠤᠨ ᠤ ᠬᠦᠮᠦᠷᠬᠡ ᠪᠠᠶᠢᠭᠤᠯᠬᠤ ᠨᠢ ᠨᠡᠩ ᠤᠷᠢᠳ ᠡᠮᠦᠨ᠎ᠡ ᠭᠠᠷᠤᠭ᠎ᠠ ᠦᠭᠡᠢ ᠶᠠᠪᠤᠳᠠᠯ᠃ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠦᠪ ᠲᠤᠮᠳᠠᠳᠤ ᠤᠯᠤᠰ ᠤᠨ ᠤᠶᠤᠨ ᠤ ᠬᠦᠮᠦᠷᠬᠡ ᠶᠢᠨ ᠬᠡᠯᠬᠢᠶᠡᠰᠦ ᠶᠢᠨ ᠬᠡᠰᠢᠬᠦᠨ ᠨᠢᠬᠡᠴᠡ ᠪᠤᠯᠤᠭᠰᠠᠨ ᠡᠨᠡᠬᠦ ᠠᠵᠠ ᠲᠠᠢ ᠳᠤᠬᠢᠶᠠᠯ ᠢ ᠠᠮᠵᠢᠨ᠂ ᠮᠤᠩᠭᠤᠯ ᠰᠤᠳᠤᠯᠤᠯ ᠢᠶᠡᠷ ᠢᠶᠡᠨ ᠲᠦᠪ ᠪᠤᠯᠭᠠᠨ 〈ᠨᠢᠬᠡ ᠪᠦᠰᠡ ᠨᠢᠬᠡ ᠵᠠᠮ〉 ᠤᠨ ᠪᠠᠶᠢᠭᠤᠯᠤᠯᠳᠠ ᠳ᠋ᠡᠬᠢ ᠦᠪᠦᠷ ᠮᠤᠩᠭᠤᠯ ᠤᠨ ᠬᠦᠭ᠍ᠵᠢᠯᠳᠡ ᠶᠢᠨ ᠰᠤᠳᠤᠯᠭᠠᠨ ᠪᠤᠯᠤᠨ 〈 ᠤᠳᠤ ᠦᠶ᠎ᠡ ᠶᠢᠨ ᠲᠤᠮᠳᠠᠳᠤ ᠤᠯᠤᠰ ᠤᠨ ᠮᠤᠩᠭᠤᠯ ᠦᠨᠳᠦᠰᠦᠲᠡᠨ ᠤ ᠰᠤᠳᠤᠯᠭᠠᠨ〉 ᠤ ᠲᠤᠭᠤᠷᠢᠨ ᠳᠤ ᠰᠠᠭᠤᠷᠢ ᠰᠤᠳᠤᠯᠭᠠᠨ ᠤ ᠲᠠᠪᠠᠭᠤᠯᠢᠭ ᠢᠶᠡᠨ ᠪᠠᠷᠢᠮᠳᠠᠯᠠᠨ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠬᠦᠴᠦᠨ ᠢ ᠲᠦᠪᠯᠡᠷᠡᠬᠦᠯᠦᠨ ᠤᠯᠠᠨ ᠰᠢᠨᠵᠢᠯᠡᠬᠡᠨ ᠤ ᠶᠡᠷᠦᠩᠬᠡᠶᠢᠯᠡᠭᠰᠡᠨ ᠰᠤᠳᠤᠯᠭ᠎ᠠ ᠬᠢᠵᠤ᠂ ᠰᠢᠨ᠎ᠡ ᠲᠤᠮᠤ ᠠᠮᠵᠢᠯᠳᠠ ᠶᠢ ᠡᠬᠦᠳᠤᠨ ᠤᠯᠤᠰ ᠪᠤᠯᠤᠨ ᠦᠪᠡᠷᠳᠡᠬᠡᠨ ᠵᠠᠰᠠᠬᠤ ᠤᠷᠤᠨ ᠤ ᠬᠦᠭ᠍ᠵᠢᠯᠳᠡ ᠳᠤ ᠦᠢᠯᠡᠴᠢᠯᠡᠨ᠎ᠠ》ᠬᠡᠵᠤ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠦᠪ ᠤᠨ ᠵᠠᠬᠢᠷᠤᠯ ᠴᠢᠮᠡᠳᠳᠤᠷᠵᠢ ᠶᠠᠷᠢᠯ᠎ᠠ᠃

    ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠲᠢᠡᠭᠬᠢᠮ ᠤᠨ ᠲᠡᠳ᠋ ᠲᠠᠷᠤᠭ᠎ᠠ ᠵᠠᠩ ᠶᠠ ᠮᠢᠨ ᠤ ᠲᠠᠨᠢᠯᠴᠠᠭᠤᠯᠤᠭᠰᠠᠨ ᠢᠶᠡᠷ᠂ ᠶᠡᠬᠡ ᠲᠡᠭᠡᠳᠤ ᠰᠤᠷᠭᠠᠭᠤᠯᠢ ᠳᠤ ᠤᠶᠤᠨ ᠤ ᠬᠦᠮᠦᠷᠬᠡ ᠪᠠᠶᠢᠭᠤᠯᠬᠤ ᠳᠤ ᠶᠠᠭᠤᠨ ᠤ ᠡᠮᠦᠨ᠎ᠡ ᠴᠢᠭᠯᠡᠯ ᠢᠶᠡᠨ ᠵᠦᠪ ᠡᠵᠡᠮᠳᠡᠨ᠂ ᠭᠠᠵᠠᠷ ᠤᠷᠤᠨ ᠪᠤᠯᠤᠨ ᠰᠤᠶᠤᠯ ᠤᠨ ᠤᠨᠴᠠᠯᠢᠭ ᠢᠶᠡᠨ ᠠᠰᠢᠭᠯᠠᠨ ᠦᠨᠳᠤᠷ ᠬᠡᠪ ᠪᠤᠯᠪᠠᠰᠤᠷᠠᠯ ᠲᠠᠢ ᠰᠤᠳᠤᠯᠭᠠᠨ ᠤ ᠪᠠᠭ ᠪᠠᠶᠢᠭᠤᠯᠬᠤ ᠲᠤᠮᠳᠠ ᠰᠤᠳᠤᠯᠭᠠᠨ ᠤ ᠲᠠᠭᠠᠭᠤᠯᠤᠭᠴᠢ ᠪᠤᠯᠤᠨ ᠰᠤᠳᠤᠯᠤᠭᠠᠴᠢ ᠶᠢ ᠬᠦᠮᠦᠵᠢᠬᠦᠯᠦᠨ᠂ ᠰᠢᠨ᠎ᠡ ᠶᠢ ᠡᠬᠦᠳᠬᠦ ᠪᠡᠷ ᠪᠠᠷᠠᠬᠤ ᠦᠭᠡᠢ ᠡᠷᠳᠡᠮ ᠰᠢᠨᠵᠢᠯᠡᠬᠡᠨ ᠤ ᠬᠠᠷᠢᠯᠴᠠᠭ᠎ᠠ ᠶᠢ ᠴᠤ ᠠᠩᠬᠠᠷᠬᠤ ᠬᠡᠷᠡᠭᠲᠡᠢ ᠬᠡᠵᠡᠢ᠃

    ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠦᠪ ᠨᠢ ᠤᠯᠤᠰ ᠲᠠᠶᠠᠭᠠᠷ ᠤᠨ 255 ᠶᠡᠬᠡ ᠰᠤᠷᠭᠠᠭᠤᠯᠢ ᠶᠢᠨ ᠤᠶᠤᠨ ᠤ ᠬᠦᠮᠦᠷᠬᠡ ᠶᠢᠨ ᠨᠢᠬᠡ ᠪᠤᠯᠤᠭᠰᠠᠨ ᠤ ᠬᠤᠪᠢ ᠳᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠶᠤᠨ ᠤ ᠬᠦᠮᠦᠷᠬᠡ ᠶᠢᠨ ᠪᠠᠶᠢᠭᠤᠯᠤᠯᠳᠠ ᠳᠤ ᠬᠠᠮᠳᠤᠷᠠᠨ ᠵᠦᠪᠳᠡᠯᠴᠡᠬᠦ᠂ ᠪᠠᠶᠢᠭᠤᠯᠬᠤ᠂ ᠬᠤᠪᠢᠶᠠᠯᠴᠠᠬᠤ ᠲᠠᠪᠴᠠᠩ ᠪᠤᠯᠬᠤ ᠳᠡᠳᠦᠢ ᠦᠬᠡᠢ ᠦᠪᠡᠷᠳᠡᠬᠡᠨ ᠵᠠᠰᠠᠬᠤ ᠤᠷᠤᠨ ᠤ ᠶᠡᠬᠡ ᠰᠤᠷᠭᠠᠭᠤᠯᠢ ᠶᠢᠨ ᠤᠶᠤᠨ ᠤ ᠬᠦᠮᠦᠷᠬᠡ ᠶᠢᠨ ᠪᠠᠶᠢᠭᠤᠯᠤᠯᠳᠠ ᠳᠤ ᠰᠢᠨᠵᠢᠯᠡᠬᠦ ᠤᠬᠠᠭᠠᠨ ᠲᠧᠭᠨᠤᠯᠤᠬᠢ ᠶᠢᠨ ᠬᠦᠳᠤᠴᠢ ᠪᠤᠯᠵᠤ᠂ ᠬᠠᠮᠢᠶᠠᠷᠤᠯᠳᠠ ᠶᠢᠨ ᠲᠦᠷᠢᠮᠵᠢᠯ ᠤᠨ ᠲᠠᠯ᠎ᠠ ᠪᠡᠷ ᠵᠢᠱᠢᠶᠡᠴᠢ ᠪᠤᠯᠤᠨ ᠲᠠᠭᠠᠭᠤᠯᠤᠭᠴᠢ ᠶᠢᠨ ᠦᠢᠯᠡᠳᠤᠯ ᠦᠵᠡᠬᠦᠯᠬᠦ ᠪᠤᠯᠤᠨ᠎ᠠ᠃

ᠢᠷᠡᠯᠳᠡ᠄ ᠰᠢᠨᠬᠤᠸᠠ ᠮᠤᠩᠭᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011100001120209006