蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ 9 ᠶᠡᠬᠡ ᠲᠡᠭᠡᠳᠦ ᠰᠤᠷᠭᠠᠭᠤᠯᠢ ᠳ᠋᠋ᠠᠢᠢᠲ᠋ᠠ ᠬᠦᠮᠦᠷᠭᠡ ᠶᠢᠨ ᠬᠠᠮᠲᠤ ᠶᠢᠨ ᠲᠤᠩᠬᠠᠭ ᠲᠤ ᠭᠠᠷ ᠤᠨ ᠦᠰᠦᠭ ᠵᠢᠷᠤᠪᠠ

2016-12-29 17:08

    ᠰᠡᠬᠦᠯ ᠤᠨ ᠡᠲᠦᠷ ᠤᠳ ᠲᠤ᠂ ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠲᠠᠷᠢᠶᠠᠯᠠᠩ ᠤᠨ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠦᠨᠳᠦᠰᠦᠲᠡᠨ ᠤ ᠶᠡᠬᠡ ᠰᠤᠷᠭᠠᠭᠤᠯᠢ᠂ ᠪᠤᠭᠤᠲᠤ ᠶᠢᠨ ᠡᠮᠨᠡᠯᠭᠡ ᠶᠢᠨ ᠲᠡᠭᠡᠳᠦ ᠰᠤᠷᠭᠠᠭᠤᠯᠢ᠂ ᠦᠪᠦᠷ ᠮᠤᠩᠭ᠋ᠤᠯ ᠤᠨ ᠷᠠᠳᠢᠤ᠋ ᠲᠸᠯᠸᠢᠰ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠠᠷᠠᠯᠵᠢᠶ ᠠ ᠬᠤᠲᠠᠯᠲᠤᠭ᠎ᠠ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ᠂ ᠪᠤᠭᠤᠲᠤ ᠶᠢᠨ ᠬᠦᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠵᠡᠷᠭᠡ 9 ᠶᠡᠬᠡ ᠲᠡᠭᠡᠳᠦ ᠰᠤᠷᠭᠠᠭᠤᠯᠢ ᠶᠢᠨ ᠵᠠᠬᠢᠷᠤᠯ ᠤᠳ 《ᠦᠪᠦᠷ ᠮᠤᠩᠭ᠋ᠤᠯ ᠤᠨ ᠶᠡᠬᠡ ᠲᠡᠭᠡᠳᠦ ᠰᠤᠷᠭᠠᠭᠤᠯᠢ ᠳ᠋᠋ᠠᠢᠢᠲ᠋ᠠ ᠬᠦᠮᠦᠷᠭᠡ ᠶᠢ ᠬᠦᠭ᠍ᠵᠢᠬᠦᠯᠬᠦ ᠬᠠᠮᠲᠤ ᠶᠢᠨ ᠲᠤᠩᠬᠠᠭ》  ᠲᠤ ᠭᠠᠷ ᠤᠨ ᠦᠰᠦᠭ ᠵᠢᠷᠤᠪᠠ᠃

    ᠤᠢᠢᠯᠠᠭᠠᠭᠰᠠᠨ ᠶᠢᠡᠷ᠂ ᠡᠲᠡᠭᠡᠷ 9 ᠶᠡᠬᠡ ᠲᠡᠭᠡᠳᠦ ᠰᠤᠷᠭᠠᠭᠤᠯᠢ ᠨᠡᠭᠡᠭᠡᠯᠲᠡᠲᠦ ᠪᠦᠬᠦᠢ ᠲᠤᠭ᠎ᠠ ᠪᠠᠷᠢᠮᠲᠠ ᠶᠢᠨ ᠲᠠᠪᠴᠠᠩ ᠢ ᠪᠠᠢᠢᠭᠤᠯᠵᠤ᠂ ᠬᠤᠪᠢ ᠬᠦᠮᠦᠨ ᠤ ᠰᠤᠷᠠᠭ ᠵᠠᠩᠬᠢ᠂ ᠲᠤᠭ᠎ᠠ ᠪᠠᠷᠢᠮᠲᠠ ᠶᠢᠨ ᠨᠢᠭᠤᠴᠠ ᠶᠢ ᠬᠠᠮᠠᠭᠠᠯᠠᠬᠤ ᠪᠠ ᠢᠨᠲ᠋ᠸᠷᠨ᠋ᠸᠲ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠴᠢᠩᠭ᠋ᠠᠳᠬᠠᠬᠤ ᠪᠤᠯᠤᠨ᠎ᠠ᠃ ᠢᠷᠡᠭᠡᠲᠦᠢ ᠳ᠋ᠤ ᠡᠯ᠎ᠡ ᠶᠡᠬᠡ ᠲᠡᠭᠡᠳᠦ ᠰᠤᠷᠭᠠᠭᠤᠯᠢ ᠶᠢᠨ ᠨᠡᠭᠡᠭᠡᠯᠲᠡᠲᠦ ᠲᠤᠭ᠎ᠠ ᠪᠠᠷᠢᠮᠲᠠ ᠶᠢᠨ ᠬᠡᠷᠡᠭᠯᠡᠭᠡᠨ ᠤ ᠰᠢᠨᠡᠴᠢᠯᠡᠯᠲᠡ ᠪᠠ ᠦᠢᠯᠡᠳᠦᠯᠭᠡ ᠶᠢ ᠵᠤᠷᠢᠭᠵᠢᠭᠤᠯᠵᠤ᠂ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠦᠢᠯᠡᠰ ᠲᠤ ᠦᠢᠯᠡᠴᠢᠯᠡᠬᠦ ᠪᠤᠯᠤᠨ᠎ᠠ᠃ ᠮᠦᠨ ᠬᠤᠪᠢ ᠬᠦᠮᠦᠨ ᠤ ᠲᠤᠭ᠎ᠠ ᠪᠠᠷᠢᠮᠲᠠ ᠶᠢ ᠬᠤᠷᠢᠶᠠᠨ ᠬᠠᠲᠠᠭᠠᠯᠠᠬᠤ᠂ ᠬᠠᠮᠢᠶᠠᠷᠬᠤ᠂ ᠬᠡᠷᠡᠭᠯᠡᠬᠦ᠂ ᠬᠠᠯᠲᠠᠯᠭ᠎ᠠ ᠳ᠋ᠤ ᠤᠴᠠᠷᠠᠭᠤᠯᠬᠤ ᠦᠭᠡᠢ ᠪᠠᠢᠢᠬᠤ ᠲᠤᠭᠲᠠᠯᠴᠠᠭ᠎ᠠ ᠶᠢ ᠪᠠᠢᠢᠭᠤᠯᠵᠤ᠂ ᠳ᠋ᠠᠢᠢᠲ᠋ᠠ ᠬᠦᠮᠦᠷᠭᠡ ᠶᠢᠨ ᠠᠮᠤᠷ ᠲᠦᠪᠰᠢᠨ ᠠᠶᠤᠯᠬᠦᠢ ᠶᠢ ᠪᠠᠲᠤᠯᠠᠵᠤ ᠦᠪᠦᠷ ᠮᠤᠩᠭ᠋ᠤᠯ ᠤᠨ ᠤᠷᠤᠨ ᠨᠤᠲᠤᠭ ᠤᠨ ᠬᠦᠭ᠍ᠵᠢᠯᠲᠠ ᠳ᠋ᠤ ᠬᠦᠴᠦᠨ ᠨᠡᠮᠡᠷᠢᠯᠡᠬᠦ ᠪᠤᠯᠤᠨ᠎ᠠ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠲᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120791120215300