蒙古文网站Logo
ᠰᠢᠨᠬᠤᠸᠠ ᠮᠤᠩᠭ᠋ᠤᠯ ᠨᠧᠲ

ᠪᠤᠭᠤᠳᠤ ᠶᠢᠨ ᠬᠦᠮᠦᠨ ᠠᠮᠠ ᠢᠢᠨ ᠰᠤᠷᠭᠠᠨ ᠬᠦᠮᠦᠵᠢᠯ ᠬᠦᠷᠳᠡᠭᠰᠡᠨ ᠬᠡᠮᠵᠢᠶ᠎ᠠ ᠠᠭᠠᠵᠢᠮ ᠢᠶᠡᠷ ᠲᠡᠭᠡᠭ᠍ᠰᠢᠯᠡᠵᠤ ᠪᠠᠶᠢᠨ᠎ᠠ

2017-01-04 16:06

    ᠪᠤᠭᠤᠳᠤ ᠬᠤᠳᠠ ᠶᠢᠨ 6 ᠨᠠᠰᠤᠨ ᠡᠴᠡ ᠲᠡᠭᠡᠭ᠍ᠰᠢᠬᠢ ᠬᠦᠮᠦᠨ ᠠᠮᠠ ᠢᠢᠨ ᠰᠤᠷᠭᠠᠨ ᠬᠦᠮᠦᠵᠢᠯ ᠬᠦᠷᠳᠡᠭᠰᠡᠨ ᠬᠡᠮᠵᠢᠶ᠎ᠠ ᠲᠠᠰᠤᠷᠠᠯᠳᠠ ᠦᠭᠡᠢ ᠲᠡᠭᠡᠭ᠍ᠰᠢᠯᠡᠵᠤ᠂ ᠠᠭᠠᠵᠢᠮ ᠢᠶᠡᠷ ᠲᠤᠤᠷ᠎ᠠ ᠲᠠᠪᠬᠤᠷᠭ᠎ ᠠ ᠡᠴᠡ ᠲᠤᠮᠳᠠ ᠲᠡᠭᠡᠳᠤ ᠲᠠᠪᠬᠤᠷᠭ᠎ᠠ ᠳᠤ ᠲᠡᠪᠰᠢᠵᠦ ᠪᠠᠶᠢᠨ᠎ᠠ᠃ ᠬᠤᠳᠠ ᠶᠢᠨ ᠬᠦᠮᠦᠨ ᠠᠮᠠ ᠶᠢᠨ ᠰᠤᠷᠭᠠᠨ ᠬᠦᠮᠦᠵᠢᠯ ᠬᠦᠷᠳᠡᠵᠤ ᠪᠠᠶᠢᠭ᠎ᠠ ᠬᠡᠮᠵᠢᠶ᠎ᠠ ᠨᠢ ᠠᠭᠠᠵᠢᠮ ᠢᠶᠡᠷ ᠨᠡᠩ ᠦᠨᠳᠤᠷ ᠰᠤᠶᠤᠯ ᠤᠨ ᠲᠠᠪᠬᠤᠷᠭ᠎ᠠ ᠲᠡᠶᠢᠰᠢ ᠠᠬᠢᠵᠤ᠂ ᠬᠦᠮᠦᠨ ᠠᠮᠠ ᠶᠢᠨ ᠰᠤᠶᠤᠯ ᠤᠨ ᠬᠡᠪ ᠴᠢᠨᠠᠷ ᠨᠢ ᠢᠯᠡᠷᠬᠡᠢ ᠲᠡᠭᠡᠭ᠍ᠰᠢᠯᠡᠵᠤ ᠪᠠᠶᠢᠨ᠎ᠠ᠃ ᠬᠤᠳᠠ ᠶᠢᠨ ᠲᠤᠭ᠎ᠠ ᠪᠦᠷᠢᠳᠬᠡᠯ ᠤᠨ ᠲᠤᠪᠴᠢᠶ᠎ᠠ ᠡᠴᠠ ᠤᠶᠢᠯᠠᠭᠠᠭᠰᠠᠨ ᠢᠶᠡᠷ᠂ 1% ᠬᠦᠮᠦᠨ ᠠᠮᠨ ᠪᠡᠷ ᠰᠤᠭᠤᠴᠢᠯᠳᠡ ᠪᠠᠶᠢᠴᠠᠭᠠᠯᠳᠠ ᠬᠢᠭ᠍ᠰᠡᠨ ᠮᠠᠲ᠋ᠧᠷᠢᠶᠠᠯ ᠡᠴᠡ ᠦᠵᠡᠪᠠᠯ ᠂ ᠬᠤᠳᠠ ᠳᠤ ᠪᠠᠭ᠎ᠠ ᠰᠤᠷᠭᠠᠭᠤᠯᠢ ᠪᠤᠯᠤᠨ ᠠᠩᠭ᠎ᠠ ᠲᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠬᠦᠷᠳᠡᠭᠰᠡᠳ ᠤᠨ ᠬᠠᠷᠢᠴᠠᠯ ᠨᠢ ᠪᠠᠭᠤᠷᠠᠵᠤ ᠪᠠᠶᠢᠨ᠎ᠠ᠃ ᠡᠬᠦᠨ ᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠬᠦᠷᠳᠡᠭᠰᠡᠨ ᠬᠦᠮᠦᠨ ᠠᠮᠠ ᠶᠢᠨ ᠬᠠᠷᠢᠴᠠᠯ ᠨᠢ 2010 ᠳᠤ 20.1% ᠪᠠᠶᠢᠭᠰᠠᠨ ᠡᠴᠡ ᠪᠠᠨ 19.5% ᠪᠤᠯᠤᠨ ᠪᠠᠭᠤᠷᠠᠵᠤ᠂ ᠠᠩᠬ᠎ᠠ ᠲᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠬᠦᠷᠳᠡᠭᠰᠡᠨ ᠬᠦᠮᠦᠨ ᠠᠮᠠ ᠶᠢᠨ ᠬᠠᠷᠢᠴᠠᠯ ᠨᠢ 38.0% ᠪᠠᠶᠢᠭᠰᠠᠨ ᠡᠴᠡ ᠪᠠᠨ 31.9% ᠪᠤᠯᠤᠨ ᠪᠠᠭᠤᠷᠠᠵᠠᠢ᠃ ᠠᠳᠠᠯᠢ ᠬᠤᠭᠤᠴᠠᠭᠠᠨ ᠳᠤ ᠦᠨᠳᠤᠷ ᠵᠡᠷᠬᠡ ᠶᠢᠨ ᠲᠤᠮᠳᠠᠳᠤ ᠰᠤᠷᠭᠠᠭᠤᠯᠢ ᠪᠤᠯᠤᠨ ᠶᠡᠬᠡ ᠰᠤᠷᠭᠠᠭᠤᠯᠢ ᠡᠴᠡ ᠲᠡᠭᠡᠭ᠍ᠰᠢᠬᠢ ᠰᠤᠷᠭᠠᠨ ᠬᠦᠮᠦᠵᠢᠯ ᠬᠦᠷᠳᠡᠭᠰᠡᠨ ᠬᠦᠮᠦᠨ ᠠᠮᠠ ᠶᠢᠨ ᠬᠠᠷᠢᠴᠠᠯ ᠨᠢ ᠶᠡᠬᠡ ᠬᠡᠮᠵᠢᠶ᠎ᠡ ᠪᠡᠷ ᠲᠡᠭᠡᠭ᠍ᠰᠢᠯᠡᠵᠤ᠂ ᠬᠤᠳᠠ ᠶᠢᠨ ᠦᠨᠳᠤᠷ ᠲᠤᠮᠳᠠᠳᠤ ᠵᠡᠷᠬᠡ ᠶᠢᠨ ᠰᠤᠷᠭᠠᠨ ᠬᠦᠮᠦᠵᠢᠯ ᠬᠦᠷᠳᠡᠭ᠍ᠰᠡᠨ ᠬᠦᠮᠦᠨ ᠠᠮᠠ ᠶᠢᠨ ᠬᠠᠷᠢᠴᠠᠯ ᠨᠢ 18.6% ᠪᠤᠯᠵᠤ᠂ 2010 ᠤᠨ ᠡᠴᠡ 0.4 ᠬᠤᠪᠢ ᠪᠡᠷ ᠨᠡᠮᠡᠭᠳᠡᠵᠤ᠂ ᠲᠡᠭᠡᠳᠤ ᠰᠤᠷᠭᠠᠭᠤᠯᠢ ᠡᠴᠡ ᠲᠡᠭᠡᠰᠢ ᠰᠤᠷᠭᠠᠨ ᠬᠦᠮᠦᠵᠢᠯ ᠬᠦᠷᠳᠡᠭᠰᠡᠨ ᠬᠦᠮᠦᠨ ᠠᠮᠠ ᠶᠢᠨ ᠬᠠᠷᠢᠴᠠᠯ ᠨᠢ 21.9% ᠪᠤᠯᠵᠦ᠂ 2010 ᠤᠨ ᠤ ᠬᠢ ᠡᠴᠡ 7.8 ᠬᠤᠪᠢ ᠪᠡᠷ ᠲᠡᠭᠡᠭ᠍ᠰᠢᠯᠡᠭᠰᠡᠨ ᠪᠠᠶᠢᠨ᠎ᠠ᠃

ᠢᠷᠡᠯᠳᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120691120244662