蒙古文网站Logo
ᠰᠢᠨᠬᠤᠸᠠ ᠮᠤᠩᠭ᠋ᠤᠯ ᠨᠧᠲ

ᠯᠢᠶᠤᠤᠨᠢᠩ᠄ ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠰᠢᠨ᠎ᠡ ᠶᠢ ᠡᠭᠦᠳᠬᠦᠢ ᠶᠢᠨ ᠲᠦᠰᠦᠯ ᠨᠢ 2000 ᠲᠦᠮᠡᠨ ᠲᠦᠭᠦᠷᠢᠭ᠌ ᠬᠦᠷᠲᠡᠬᠦ ᠪᠤᠯᠤᠮᠵᠢ ᠲᠠᠢ

2017-01-05 09:58

    ᠰᠡᠬᠦᠯ ᠤᠨ ᠦᠶ᠎ᠠ ᠳ᠋ᠤ ᠯᠢᠶᠤᠤᠨᠢᠩ ᠮᠤᠵᠢ ᠶᠢᠨ ᠵᠠᠰᠠᠭ ᠤᠨ ᠤᠷᠲᠤᠨ ᠤ ᠠᠯᠪᠠᠨ ᠡᠴᠡ《ᠯᠢᠶᠤᠤᠨᠢᠩ ᠮᠤᠵᠢ ᠶᠢᠨ ᠠᠵᠤ ᠦᠢᠯᠡᠰ ᠤᠨ ᠬᠦᠷᠦᠩᠭᠡ ᠤᠷᠤᠭᠤᠯᠤᠯᠲᠠ ᠶᠢ ᠬᠦᠲᠦᠯᠬᠦ ᠰᠠᠭᠤᠷᠢ ᠮᠦᠩᠬᠦᠨ ᠡᠴᠡ ᠰᠢᠭᠤᠳ ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠰᠢᠨ᠎ᠡ ᠲᠦᠰᠦᠯ ᠳ᠋ᠤ ᠬᠦᠷᠦᠩᠭᠡ ᠤᠷᠤᠭᠤᠯᠬᠤ ᠶᠢ ᠬᠠᠮᠢᠶᠠᠷᠬᠤ ᠠᠷᠭ᠎ᠠ》 ᠶᠢ ᠨᠡᠢᠢᠲᠡᠯᠡᠪᠡ᠃ ᠡᠭᠦᠨ ᠳ᠋ᠤ ᠨᠦᠬᠦᠴᠡᠯ ᠳ᠋ᠤ ᠬᠦᠷᠬᠦ ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠰᠢᠨ᠎ᠡ ᠶᠢᠨ ᠡᠭᠦᠳᠬᠦᠢ ᠶᠢᠨ ᠲᠦᠰᠦᠯ 100 ᠲᠦᠮᠡᠨ ᠲᠦᠭᠦᠷᠢᠭ᠌ ᠡᠴᠡ 2000 ᠲᠦᠮᠡᠨ ᠲᠦᠭᠦᠷᠢᠭ᠌ ᠬᠦᠷᠲᠡᠬᠦ ᠪᠤᠯᠤᠮᠵᠢ ᠲᠠᠢ᠂ ᠬᠦᠷᠦᠩᠭᠡ ᠤᠷᠤᠭᠤᠯᠤᠯᠲᠠ ᠶᠢᠨ ᠬᠤᠭᠤᠴᠠᠭ᠎ᠠ ᠨᠢ ᠬᠤᠶᠠᠷ ᠵᠢᠯ᠃

    ᠤᠢᠢᠯᠠᠭᠠᠭᠰᠠᠨ ᠶᠢᠡᠷ᠂ ᠰᠢᠭᠤᠳ ᠬᠦᠷᠦᠩᠭᠡ ᠤᠷᠤᠭᠤᠯᠤᠯᠲᠠ ᠶᠢᠨ ᠰᠠᠭᠤᠷᠢ ᠮᠦᠩᠬᠦᠨ ᠤ ᠲᠡᠮᠵᠢᠵᠦ ᠪᠦᠬᠦᠢ ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠰᠢᠨ᠎ᠡ ᠶᠢ ᠡᠭᠦᠳᠬᠦᠢ ᠶᠢᠨ ᠲᠦᠰᠦᠯ ᠨᠢ ᠯᠢᠶᠤᠤᠨᠢᠩ ᠤᠨ ᠭᠤᠤᠯᠲᠠᠯᠭ᠎ᠠ ᠲᠠᠢ ᠬᠦᠭ᠍ᠵᠢᠬᠦᠯᠵᠦ ᠪᠦᠬᠦᠢ ᠤᠯᠠᠮᠵᠢᠯᠠᠯᠲᠤ ᠲᠠᠪᠠᠭᠤᠯᠢᠭ ᠠᠵᠤ ᠦᠢᠯᠡᠰ ᠪᠠ ᠪᠠᠢᠢᠯᠲᠤᠬᠤ ᠪᠤᠲᠤᠯᠭ᠎ᠠ ᠶᠢᠨ ᠴᠢᠨᠠᠷᠲᠠᠢ ᠰᠢᠨ᠎ᠡ ᠪᠡᠷ ᠮᠠᠨᠲᠤᠭᠰᠠᠨ ᠠᠵᠤ ᠦᠢᠯᠡᠰ ᠢ ᠪᠠᠭᠲᠠᠭᠠᠨ᠂ ᠭᠤᠤᠯᠲᠠᠯᠭᠠᠲᠤ ᠠᠵᠤ ᠦᠢᠯᠡᠰ ᠤᠨ ᠭᠤᠤᠯᠲᠠᠯᠭᠠᠲᠤ ᠠᠵᠤ ᠦᠢᠯᠡᠰ ᠤᠨ ᠮᠡᠷᠭᠡᠵᠢᠯ ᠤᠨ ᠰᠢᠨᠡᠴᠢᠯᠡᠯᠲᠡ ᠳ᠋ᠤ ᠬᠠᠨᠲᠤᠵᠤ᠂《ᠯᠢᠶᠤᠤᠨᠢᠩ ᠮᠤᠵᠢ ᠶᠢᠨ13·5ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠬᠦᠭ᠍ᠵᠢᠯᠲᠠ ᠶᠢᠨ ᠲᠦᠰᠦᠯ》 ᠪᠠ 《ᠲᠤᠮᠲᠠᠲᠤ ᠤᠯᠤᠰ ᠲᠤ ᠦᠢᠯᠡᠳᠪᠦᠷᠢᠯᠡᠬᠦ 2020 ᠯᠢᠶᠤᠤᠨᠢᠩ ᠤᠨ ᠠᠵᠢᠯᠯᠠᠭᠠᠨ ᠤ ᠬᠦᠲᠦᠯᠪᠦᠷᠢ》 ᠳ᠋ᠤ ᠲᠤᠭᠲᠠᠭᠠᠭᠰᠠᠨ ᠠᠵᠤ ᠦᠢᠯᠡᠰ ᠤᠨ ᠰᠢᠨ᠎ᠡ ᠶᠢ ᠡᠭᠦᠳᠬᠦᠢ᠂ ᠡᠭᠦᠨ ᠪ ᠤᠯᠠᠮ ᠡᠴᠡ ᠰᠢᠨᠵᠢᠯᠡᠬᠦ ᠤᠬᠠᠭᠠᠨ ᠲᠸᠭ᠍ᠨᠤᠯᠤᠬᠢ᠂ ᠠᠵᠤ ᠦᠢᠯᠡᠰ ᠪᠠ ᠰᠢᠨᠵᠢᠯᠡᠭᠡ ᠰᠤᠲᠤᠯᠭᠠᠨ ᠢ ᠤᠶᠠᠯᠲᠤᠭᠤᠯᠬᠤ᠂ ᠳ᠋ᠦᠩ ᠢ ᠲᠦᠰᠦᠯ ᠪᠤᠯᠭᠠᠬᠤ ᠪᠤᠯᠤᠨ᠎ᠡ᠃

    ᠡᠭᠦᠨ ᠡᠴᠡ ᠭᠠᠲᠠᠨ᠎ᠠ᠂ ᠰᠢᠭᠤᠳ ᠬᠦᠷᠦᠩᠭᠡ ᠤᠷᠤᠭᠤᠯᠤᠯᠲᠠ ᠶᠢᠨ ᠰᠠᠭᠤᠷᠢ ᠮᠦᠩᠬᠦᠨ ᠤ ᠲᠡᠮᠵᠢᠵᠦ ᠪᠦᠬᠦᠢ ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠰᠢᠨ᠎ᠡ ᠶᠢ ᠡᠭᠦᠳᠬᠦᠢ ᠶᠢᠨ ᠲᠦᠰᠦᠯ ᠤᠨ ᠪᠠᠢᠢᠭᠤᠯᠤᠯᠭ᠎ᠠ ᠲᠤᠤᠷᠠᠬᠢ ᠨᠦᠬᠦᠴᠡᠯ ᠢ ᠪᠦᠷᠢᠯᠲᠦᠬᠦᠯᠬᠦ ᠬᠡᠷᠡᠭᠲᠡᠢ᠄ ᠯᠢᠶᠤᠤᠨᠢᠩ ᠮᠤᠵᠢ ᠳ᠋ᠤ ᠪᠦᠷᠢᠳᠭᠡᠬᠦᠯᠦᠭᠰᠡᠨ ᠮᠦᠷᠲᠡᠭᠡᠨ ᠰᠢᠨ᠎ᠡ ᠶᠢ ᠡᠭᠦᠳᠬᠦ ᠴᠢᠲᠠᠪᠤᠷᠢ ᠲᠠᠢ ᠭᠤᠤᠯᠯᠠᠬᠤ ᠲᠠᠭᠠᠭᠤᠯᠤᠭᠴᠢ ᠠᠵᠤ ᠠᠬᠤᠢᠢᠯᠠᠯ᠂ ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠠᠵᠤ ᠠᠬᠤᠢᠢᠯᠠᠯ ᠪᠤᠶᠤ ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠬᠡᠯᠪᠡᠷᠢ ᠪᠦᠬᠦᠢ ᠲᠤᠮᠲᠠ ᠪᠠᠭ᠎ᠠ ᠠᠵᠤ ᠠᠬᠤᠢᠢᠯᠠᠯ᠋᠃ ᠪᠠᠶ᠎ᠠ ᠲᠠᠭᠠᠭᠠᠭᠰᠠᠨ ᠮᠡᠲᠡᠯᠭᠡ ᠶᠢᠨ ᠦᠮᠴᠢᠯᠡᠯ ᠤᠨ ᠡᠷᠬᠡ ᠲᠠᠢ ᠮᠡᠷᠭᠡᠵᠢᠯ ᠪᠤᠶᠤ ᠦᠢᠯᠡᠳᠭᠦᠨ᠃ ᠤᠯᠤᠰ ᠤᠨ ᠲᠤᠲᠤᠭᠠᠲᠤ ᠶᠢᠨ ᠲᠡᠷᠢᠭᠦᠨ ᠤ ᠲᠦᠪᠰᠢᠨ ᠳ᠋ᠤ ᠬᠦᠷᠴᠦ ᠪᠦᠬᠦᠢ ᠲᠡᠷᠢᠬᠦᠯᠡᠬᠦ ᠦᠢᠯᠡᠳᠬᠦᠨ ᠪᠤᠶᠤ ᠮᠡᠷᠭᠡᠵᠢᠯ᠃ ᠪᠠᠶ᠎ᠠ ᠲᠠᠭᠠᠭᠠᠭᠰᠠᠨ ᠰᠤᠲᠤᠯᠭᠠᠨ ᠪ ᠪᠠᠭ ᠪᠤᠶᠤ ᠠᠵᠤ ᠦᠢᠯᠡᠰ ᠪᠠ ᠰᠢᠨᠵᠢᠯᠡᠭᠡ ᠰᠤᠲᠤᠯᠭᠠᠨ ᠤ ᠪᠠᠭ᠃ ᠬᠦᠷᠦᠩᠭᠡ ᠪᠠ ᠬᠤᠪᠢᠴᠠᠭᠠᠨ ᠤ ᠡᠷᠬᠡ ᠨᠢ ᠲᠤᠲᠤᠷᠬᠠᠢ᠂ ᠰᠤᠲᠤᠯᠭᠠᠨ ᠳ᠋ᠤ ᠤᠷᠤᠭᠤᠯᠤᠯᠲᠠ ᠪᠠᠲᠤᠯᠠᠭ᠎ᠠ ᠲᠠᠢ ᠪᠦᠭᠡᠳ ᠵᠢᠭᠡᠯᠡᠯᠭᠡ ᠪᠤᠴᠠᠭᠠᠬᠤ ᠲᠡᠩᠬᠡᠬᠡ ᠲᠠᠢ᠃ ᠲᠦᠰᠦᠯ ᠢ ᠬᠠᠮᠢᠶᠠᠷᠬᠤ ᠲᠤᠭᠲᠠᠯᠴᠠᠭ᠎ᠠ ᠪᠠ ᠴᠢᠲᠠᠪᠤᠷᠢ ᠲᠠᠢ ᠪᠠᠢᠢᠬᠤ ᠬᠡᠷᠡᠭᠲᠡᠢ᠃

ᠢᠷᠡᠯᠳᠡ᠄ ᠠᠷᠠᠳ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120791120248929