蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠠᠵᠢᠯᠲᠠᠨ ᠤ ᠶᠠᠪᠤᠲᠠᠯ ᠤᠨ ᠰᠢᠯᠭᠠᠯᠲᠠ ᠶᠢᠨ ᠲᠦᠪ ᠡᠴᠡ ᠸᠢᠴᠠᠲ ᠤᠨ ᠤᠯᠠᠨ ᠨᠡᠢᠢᠲᠡ ᠶᠢᠨ ᠲᠠᠪᠴᠠᠩ ᠠᠵᠢᠯᠯᠠᠭᠤᠯᠵᠤ ᠪᠠᠢᠢᠬᠤ ᠦᠬᠡᠢ ᠭᠡᠵᠦ ᠵᠠᠷᠯᠠᠪᠠ

2017-01-05 17:39

    4 ᠤ ᠡᠲᠦᠷ ᠦᠪᠦᠷ ᠮᠤᠩᠭ᠋ᠤᠯ ᠤᠨ ᠠᠵᠢᠯᠲᠠᠨ ᠤ ᠶᠠᠪᠤᠲᠠᠯ ᠤᠨ ᠰᠢᠯᠭᠠᠯᠲᠠ ᠶᠢᠨ ᠲᠦᠪ ᠡᠴᠡ ᠸᠢᠴᠠᠲ ᠤᠨ ᠤᠯᠠᠨ ᠨᠡᠢᠢᠲᠡ ᠶᠢᠨ ᠲᠠᠪᠴᠠᠩ ᠠᠵᠢᠯᠯᠠᠭᠤᠯᠵᠤ ᠪᠠᠢᠢᠬᠤ ᠦᠭᠡᠢ ᠭᠡᠲᠡᠭ ᠶᠢᠡᠨ ᠡᠯ᠎ᠡ ᠪᠠᠢᠢᠭᠤᠯᠤᠯᠭ᠎ᠠ ᠨᠢᠭᠡᠴᠡ᠂ ᠠᠵᠤ ᠠᠬᠤᠢᠢᠯᠠᠯ᠂ ᠠᠵᠢᠯ ᠦᠢᠯᠡᠰ ᠤᠨ ᠨᠢᠭᠡᠴᠡ᠂ ᠨᠡᠢᠢᠭᠡᠮ ᠤᠨ ᠪᠦᠯᠬᠦᠮ ᠵᠢᠴᠢ ᠬᠤᠪᠢ ᠬᠦᠮᠦᠨ ᠳ᠋ᠦ ᠠᠩᠬᠠᠷᠤᠭᠤᠯᠤᠨ ᠰᠠᠨᠠᠭᠤᠯᠪᠠ᠃ 《ᠦᠪᠦᠷ ᠮᠤᠩᠭ᠋ᠤᠯ ᠤᠨ ᠠᠵᠢᠯᠲᠠᠨ ᠤ ᠶᠠᠪᠤᠲᠠᠯ ᠤᠨ ᠰᠢᠯᠭᠠᠯᠲᠠ ᠶᠢᠨ ᠲᠦᠪ》 ᠤᠨ ᠨᠡᠷ᠎ᠡ ᠪᠡᠷ ᠪᠦᠷᠢᠳᠭᠡᠬᠦᠯᠦᠨ ᠠᠵᠢᠯᠯᠠᠭᠤᠯᠵᠤ ᠪᠦᠬᠦᠢ ᠸᠢᠴᠠᠲ ᠤᠨ ᠬᠤᠲᠠᠯ ᠬᠠᠭᠤᠷᠮᠠᠭ ᠮᠡᠲᠡᠭᠡᠯᠡᠯ ᠨᠢ ᠬᠤᠪᠢ ᠬᠦᠮᠦᠨ ᠪᠤᠶᠤ ᠵᠤᠬᠢᠶᠠᠨ ᠪᠠᠢᠢᠭᠤᠯᠤᠯᠲᠠ ᠶᠢᠨ ᠠᠰᠢᠭ ᠲᠤᠰᠠ ᠶᠢ ᠬᠦᠨᠳᠡᠭᠰᠡᠨ ᠪᠠᠢᠢᠪᠠᠯ ᠲᠤᠬᠠᠢ ᠶᠢᠨ ᠤᠷᠤᠨ ᠤ ᠲᠤᠲᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ ᠲᠤ ᠬᠡᠷᠡᠭ ᠮᠡᠳᠡᠬᠦᠯᠵᠦ ᠪᠤᠯᠤᠨ᠎ᠠ᠂ ᠮᠦᠨ ᠲᠤᠰ ᠲᠦᠪ ᠤᠨ ᠨᠡᠷ᠎ᠡ ᠶᠢᠨ ᠡᠮᠦᠨ᠎ᠡ ᠡᠴᠡ ᠸᠢᠴᠠᠲ ᠶᠢᠡᠷ ᠬᠤᠲᠠᠯ ᠬᠠᠭᠤᠷᠮᠠᠭ ᠮᠡᠲᠡᠭᠡ ᠮᠡᠲᠡᠭᠡᠯᠡᠯ ᠲᠠᠷᠬᠠᠭᠠᠵᠤ ᠪᠠᠢᠢᠬᠤ ᠬᠤᠪᠢ ᠬᠦᠮᠦᠨ ᠪᠠ ᠪᠠᠢᠢᠭᠤᠯᠤᠯᠭ᠎ᠠ ᠨᠢᠭᠡᠴᠡ ᠡᠴᠡ ᠦᠪᠦᠷ ᠮᠤᠩᠭ᠋ᠤᠯ ᠤᠨ ᠠᠵᠢᠯᠲᠠᠨ ᠤ ᠶᠠᠪᠤᠲᠠᠯ ᠤᠨ ᠰᠢᠯᠭᠠᠯᠲᠠ ᠶᠢᠨ ᠲᠦᠪ ᠬᠠᠦᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠤᠯᠤᠨ᠎ᠠ ᠭᠡᠵᠡᠢ᠃

    ᠦᠪᠦᠷ ᠮᠤᠩᠭ᠋ᠤᠯ ᠤᠨ ᠠᠵᠢᠯᠲᠠᠨ ᠤ ᠶᠠᠪᠤᠲᠠᠯ ᠤᠨ ᠰᠢᠯᠭᠠᠯᠲᠠ ᠶᠢᠨ ᠲᠦᠪ ᠨᠢ http://www.impta.com ᠠᠯᠪᠠᠨ ᠨᠧᠲ ᠠᠵᠢᠯᠯᠠᠭᠤᠯᠤᠨ ᠰᠢᠯᠭᠠᠭᠤᠯᠤᠭᠰᠠᠳ ᠲᠤ ᠦᠢᠯᠡᠴᠢᠯᠡᠵᠦ ᠪᠠᠢᠢᠲᠠᠭ᠃ 《ᠦᠪᠦᠷ ᠮᠤᠩᠭ᠋ᠤᠯ ᠤᠨ ᠠᠵᠢᠯᠲᠠᠨ ᠤ ᠶᠠᠪᠤᠲᠠᠯ ᠤᠨ ᠰᠢᠯᠭᠠᠯᠲᠠ ᠶᠢᠨ ᠲᠦᠪ》᠂《ᠦᠪᠦᠷ ᠮᠤᠩᠭ᠋ᠤᠯ ᠤᠨ ᠠᠵᠢᠯᠲᠠᠨ ᠤ ᠶᠠᠪᠤᠲᠠᠯ ᠤᠨ ᠰᠢᠯᠭᠠᠯᠲᠠ》ᠭᠡᠬᠦ ᠵᠡᠷᠭᠡ ᠶᠢᠨ ᠸᠢᠴᠠᠲ ᠤᠨ ᠤᠯᠠᠨ ᠨᠡᠢᠢᠲᠡ ᠶᠢᠨ ᠲᠠᠪᠴᠠᠩ ᠶᠡᠷᠦ ᠡᠴᠡ ᠠᠵᠢᠯᠯᠠᠭᠤᠯᠤᠭᠰᠠᠨ ᠦᠭᠡᠢ ᠭᠡᠲᠡᠭ ᠶᠢᠡᠨ ᠤᠨᠴᠠᠯᠠᠨ ᠮᠡᠲᠡᠭᠲᠡᠬᠦ ᠶᠢᠨ ᠬᠠᠮᠲᠤ ᠡᠲᠡᠭᠡᠷ ᠸᠢᠴᠠᠲ ᠤᠨ ᠤᠯᠠᠨ ᠨᠡᠢᠢᠲᠡ ᠶᠢᠨ ᠲᠠᠪᠴᠠᠩ ᠤᠨ ᠰᠠᠴᠤᠵᠤ ᠪᠦᠬᠦᠢ ᠮᠡᠲᠡᠭᠡ ᠮᠡᠲᠡᠭᠡᠯᠡᠯ ᠨᠢ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠠᠵᠢᠯᠲᠠᠨ ᠤ ᠶᠠᠪᠤᠲᠠᠯ ᠤᠨ ᠰᠢᠯᠭᠠᠯᠲᠠ ᠶᠢᠨ ᠲᠦᠪ ᠲᠠᠢ ᠬᠤᠯᠪᠤᠭ᠎ᠠ ᠦᠭᠡᠢ ᠭᠡᠵᠡᠢ᠃

ᠢᠷᠡᠯᠳᠡ᠄ ᠦᠪᠦᠷ ᠮᠤᠩᠭ᠋ᠤᠯ ᠤᠨ ᠦᠷᠯᠦᠭᠡ ᠶᠢᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120791120253134