蒙古文网站Logo
ᠰᠢᠨᠬᠤᠸᠠ ᠮᠤᠩᠭ᠋ᠤᠯ ᠨᠧᠲ

2016 ᠤᠨ ᠳᠤ ᠬᠦᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠰᠤᠩᠭ᠋ᠤᠬᠤ ᠨᠤᠷᠮ᠎ᠠ ᠭᠤᠷᠪᠠ ᠳᠠᠬᠢᠨ ᠢᠶᠡᠷ ᠪᠠᠭᠤᠷᠠᠪᠠ

2017-01-06 15:48

    2016 ᠤᠨ ᠳᠤ ᠬᠦᠬᠡᠬᠤᠲᠠ ᠰᠤᠷᠭᠠᠨ ᠬᠦᠮᠦᠵᠢᠯ ᠤᠨ ᠬᠦᠷᠢᠶ᠎ᠠ ᠴᠠᠷ᠎ᠠ ᠳᠡᠬᠢ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠬᠦᠨᠵᠡᠭᠡᠢᠢᠷᠡᠬᠦᠯᠦᠨ᠂ ᠰᠢᠯᠭᠠᠯᠲᠠ ᠪᠤᠯᠤᠨ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢ ᠠᠬᠢᠭᠤᠯᠵᠤ᠂ ᠨᠧᠲ ᠢᠶᠡᠷ ᠨᠡᠷ᠎ᠠ ᠪᠦᠷᠢᠳᠭᠡᠭᠦᠯᠬᠦ᠂ ᠨᠧᠲ ᠢᠶᠡᠷ ᠡᠯᠰᠡᠬᠦ᠂ ᠺᠤᠮᠫᠢᠦ᠋ᠲ᠋ᠧᠷ ᠢᠶᠡᠷ ᠰᠤᠩᠭ᠋ᠤᠵᠤ ᠲᠤᠬᠢᠷᠠᠭᠤᠯᠬᠤ ᠵᠢᠴᠢ ᠬᠤᠪᠢ ᠪᠡᠷ ᠪᠠᠷᠢᠮᠵᠢᠶᠠᠯᠠᠬᠤ ᠵᠠᠷᠭᠡ ᠠᠷᠭ᠎ᠠ ᠶᠢ ᠬᠡᠷᠡᠭᠯᠡᠭᠰᠡᠨ ᠢᠶᠡᠷ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠡᠬᠢ ᠰᠤᠷᠭᠠᠭᠤᠯᠢ ᠰᠤᠩᠭ᠋ᠤᠬᠤ ᠨᠤᠷᠮ᠎ᠠ 2015 ᠤᠨ ᠤ 40% ᠡᠴᠡ ᠪᠠᠭᠤᠷᠠᠭᠠᠳ 11.3% ᠪᠤᠯᠵᠠᠢ᠃

    ᠲᠠᠨᠢᠯᠴᠠᠭᠤᠯᠤᠭᠰᠠᠨ ᠢᠶᠡᠷ᠂ 2016 ᠤᠨ ᠳᠤ ᠬᠦᠬᠡᠬᠤᠲᠠ ᠤᠷᠢᠳ ᠬᠤᠵᠢᠳ《 2016 ᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠵᠤ ᠰᠤᠷᠭᠠᠭᠤᠯᠢ ᠳᠤ ᠤᠷᠤᠬᠤ ᠠᠵᠢᠯ ᠤᠨ ᠲᠤᠬᠠᠢ ᠰᠠᠨᠠᠯ》᠂《2016 ᠤᠨ ᠤ ᠳᠡᠭᠡᠲᠤ ᠳᠤᠮᠳᠠᠳᠤ ᠶᠢᠨ ᠰᠤᠷᠤᠭᠴᠢ ᠡᠯᠰᠡᠬᠦ ᠲᠦᠯᠦᠪᠯᠡᠭᠡ ᠶᠢᠨ ᠲᠤᠬᠠᠢ ᠮᠡᠳᠡᠭᠳᠡᠯ》 ᠪᠤᠯᠤᠨ 《2016-2017 ᠤᠨ ᠤ ᠬᠤᠲᠠ ᠲᠤᠭᠤᠷᠢᠭ ᠤᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠶᠢᠨ ᠲᠤᠬᠠᠢ ᠮᠡᠳᠡᠭᠳᠡᠯ》 ᠵᠡᠷᠭᠡ ᠪᠢᠴᠢᠭ᠌ ᠮᠠᠲ᠋ᠧᠷᠢᠶᠠᠯ ᠢ ᠨᠠᠶᠢᠲᠠᠯᠡᠵᠤ᠂ ᠤᠯᠠᠨ ᠠᠷᠭ᠎ᠠ ᠵᠠᠮ ᠢᠶᠡᠷ ᠰᠢᠯᠭᠠᠯᠲᠠ ᠪᠤᠯᠤᠨ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠢᠢᠷᠡᠬᠦᠯᠦᠨ᠂ ᠡᠩ ᠤᠨ ᠰᠢᠯᠢᠳᠡᠭ ᠲᠡᠭᠡᠲᠤ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠬᠦᠷᠢᠶ᠎ᠠ ᠴᠠᠷ᠎ᠠ ᠶᠢ ᠶᠡᠬᠡᠰᠭᠡᠵᠤ᠂ ᠲᠦᠪ ᠭᠤᠤᠯᠴᠢ ᠪᠡᠷ ᠰᠤᠷᠤᠭᠴᠢ ᠡᠯᠰᠡᠵᠤ᠂ ᠰᠤᠷᠭᠠᠨ ᠬᠦᠮᠦᠵᠢᠯ ᠪᠨ ᠡᠷᠬᠡ ᠲᠡᠭᠰᠢ ᠶᠢ ᠠᠬᠢᠭᠤᠯᠪᠠ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ᠎) 

ᠢᠷᠡᠯᠳᠡ᠄ ᠤᠮᠠᠷᠠᠲᠤ ᠶᠢᠨ ᠰᠢᠨ᠎ᠠ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120691120259633