蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠳᠤ ᠠᠰᠫᠢᠷᠠᠨᠲ ᠬᠠᠮᠲᠤᠷᠠᠨ ᠬᠦᠮᠦᠵᠢᠭᠦᠯᠬᠦ ᠰᠠᠭᠤᠷᠢᠨ ᠰᠢᠨ᠎ᠠ ᠪᠡᠷ 12ᠨᠡᠮᠡᠭᠳᠡᠪᠡ

2017-01-11 16:17

    ᠦᠪᠦᠷ ᠮᠣᠩᠭᠣᠯ ᠠᠰᠫᠢᠷᠠᠨᠲ ᠬᠠᠮᠲᠤᠷᠠᠨ ᠬᠦᠮᠦᠵᠢᠭᠦᠯᠬᠦ ᠰᠠᠭᠤᠷᠢᠨ ᠢ ᠰᠢᠨ᠎ᠠ ᠪᠡᠷ 12 ᠨᠡᠮᠡᠵᠤ᠂ ᠠᠰᠫᠢᠷᠠᠨᠲ ᠤᠨ ᠰᠢᠨ᠎ᠠ ᠶᠢ ᠡᠭᠦᠳᠬᠦ᠂ ᠪᠦᠲᠦᠭᠡᠬᠦ᠂ ᠦᠢᠯᠡᠰ ᠪᠤᠰᠬᠠᠬᠤ ᠴᠢᠳᠠᠪᠤᠷᠢ ᠪᠤᠯᠤᠨ ᠬᠢᠷᠢ ᠲᠦᠪᠰᠢᠨ ᠢ ᠲᠡᠭᠡᠭ᠍ᠰᠢᠯᠡᠭᠦᠯᠬᠦ ᠪᠡᠷ ᠪᠤᠢ᠃ ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠶᠡᠬᠡ ᠰᠤᠷᠭᠠᠭᠤᠯᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠠᠺᠡᠳᠧᠮᠢ ᠲᠠᠢ ᠬᠠᠮᠲᠤᠷᠠᠨ ᠤᠷᠴᠢᠨ ᠲᠤᠭᠤᠷᠢᠨ ᠤ ᠰᠢᠨᠵᠢᠯᠡᠬᠦ ᠤᠬᠠᠭᠠᠨ ᠪᠤᠯᠤᠨ ᠢᠨᠵᠧᠨ᠋ᠸᠷᠢᠩ ᠤᠨ ᠬᠦᠷᠢᠶ᠎ᠠ ᠴᠠᠷ᠎ᠠ ᠳᠡᠬᠢ ᠠᠰᠫᠢᠷᠠᠨᠲ ᠢ ᠬᠦᠮᠦᠵᠢᠭᠦᠯᠬᠦ᠂ ᠦᠪᠦᠷ ᠮᠣᠩᠭᠣᠯ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠶᠡᠬᠡ ᠰᠤᠷᠭᠠᠭᠤᠯᠢ ᠪᠤᠯᠤᠨ ᠳᠤᠮᠳᠠᠳᠤ ᠤᠯᠤᠰ ᠤᠨ ᠲᠡᠮᠦᠷᠯᠢᠭ᠌᠌ ᠪᠤᠯᠪᠠᠰᠤᠷᠠᠭᠤᠯᠬᠤ ᠬᠤᠶᠠᠳᠤᠭᠠᠷ ᠪᠦᠯᠦᠭᠯᠡᠯ ᠬᠢᠵᠠᠭᠠᠷᠲᠤ ᠺᠤᠮᠫᠠᠨᠢ ᠲᠠᠢ ᠬᠠᠮᠲᠤᠷᠠᠨ ᠪᠠᠷᠢᠯᠭ᠎ᠠ ᠶᠢᠨ ᠠᠵᠢᠯ ᠤᠨ ᠬᠦᠷᠢᠶ᠎ᠠ ᠴᠠᠷ᠎ ᠳᠡᠬᠢ ᠠᠰᠫᠢᠷᠠᠨᠲ ᠬᠦᠮᠦᠵᠢᠭᠦᠯᠬᠦ᠂ ᠦᠪᠦᠷ ᠮᠣᠩᠭᠣᠯ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠶᠡᠬᠡ ᠰᠤᠷᠭᠠᠭᠤᠯᠢ ᠶᠢᠨ ᠪᠤᠭᠤᠲᠤ ᠶᠢᠨ ᠠᠨᠠᠭᠠᠬᠤ ᠤᠬᠠᠭᠠᠨ ᠤ ᠲᠡᠭᠡᠲᠤ ᠰᠤᠷᠭᠠᠭᠤᠯᠢ ᠪᠡᠭᠡᠵᠢᠩ ᠤᠨ ᠴᠤᠤ ᠶᠠᠩ ᠲᠤᠭᠤᠷᠢᠭ ᠤᠨ ᠡᠪᠳᠴᠢᠨ ᠰᠡᠷᠭᠡᠶᠢᠯᠡᠵᠤ ᠬᠢᠵᠠᠭᠠᠷᠯᠠᠬᠤ ᠲᠦᠪ ᠲᠠᠢ ᠬᠠᠮᠲᠤᠷᠠᠨ ᠨᠡᠶᠢᠲᠡ ᠶᠢᠨ ᠡᠷᠡᠭᠦᠯ ᠬᠠᠮᠭᠠᠯᠠᠯ ᠪᠤᠯᠤᠨ ᠤᠷᠢᠳᠴᠢᠯᠡᠨ ᠰᠡᠷᠭᠡᠶᠢᠯᠡᠬᠦ ᠠᠨᠠᠭᠠᠬᠤ ᠤᠬᠠᠭᠠᠨ ᠤ ᠬᠦᠷᠢᠶ᠎ᠠ ᠴᠠᠷ᠎ᠠ ᠳᠡᠬᠢ ᠠᠰᠫᠢᠷᠠᠨᠲ ᠢ ᠬᠦᠮᠦᠵᠢᠭᠦᠯᠬᠦ᠂ ᠦᠪᠦᠷ ᠮᠣᠩᠭᠣᠯ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠶᠡᠬᠡ ᠰᠤᠷᠭᠠᠭᠤᠯᠢ ᠶᠢᠨ ᠪᠤᠭᠤᠲᠤ ᠶᠢᠨ ᠪᠠᠭᠰᠠᠢ ᠶᠢᠨ ᠲᠡᠭᠡᠲᠤ ᠰᠤᠷᠭᠠᠭᠤᠯᠢ ᠬᠤᠸᠠ ᠵᠦᠩ ᠪᠠᠭᠰᠢ ᠶᠢᠨ ᠶᠡᠬᠡ ᠰᠤᠷᠭᠠᠭᠤᠯᠢ ᠲᠠᠢ ᠬᠠᠮᠲᠤᠷᠠᠨ ᠰᠤᠷᠭᠠᠨ ᠭᠦᠮᠦᠵᠢᠯ ᠤᠨ ᠬᠦᠷᠢᠶ᠎ᠠ ᠴᠠᠷ᠎ᠠ ᠳᠡᠬᠢ ᠠᠰᠫᠢᠷᠠᠨᠲ ᠬᠦᠮᠦᠵᠢᠭᠦᠯᠬᠦ ᠵᠡᠷᠭᠡ ᠨᠢ ᠠᠰᠫᠢᠷᠠᠨᠲ ᠬᠠᠮᠲᠤᠷᠠᠨ ᠬᠦᠮᠦᠵᠢᠭᠦᠯᠬᠦ ᠰᠢᠨ᠎ᠡ ᠪᠡᠷ ᠨᠡᠮᠡᠭᠳᠡᠭᠰᠡᠨ ᠰᠠᠭᠤᠷᠢᠨ ᠪᠤᠯᠪᠠ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠸᠠ ᠬᠤᠷᠢᠶ᠎ᠠ ᠶᠢᠨ ᠦᠪᠦᠷ ᠮᠣᠩᠭᠣᠯ ᠳᠡᠬᠢ ᠬᠤᠪᠢᠶᠠᠷᠢ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120290876