蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠶᠡᠬᠡ ᠰᠤᠷᠭᠠᠭᠤᠯᠢ ᠶᠢᠨ ᠠᠮᠢ ᠠᠬᠤᠢ ᠪᠠ ᠤᠷᠴᠢᠨ ᠲᠤᠭᠤᠷᠢᠨ ᠤ ᠲᠡᠭᠡᠲᠤ ᠰᠤᠷᠭᠠᠭᠤᠯᠢ ᠪᠠᠶᠢᠭᠤᠯᠤᠭᠳᠠᠪᠠ

2017-01-12 16:50

    1 ᠰᠠᠷ᠎ᠠ ᠶᠢᠨ10 ᠤ ᠦᠳᠡ ᠶᠢᠨ ᠬᠤᠶᠢᠨ᠎ᠠ᠂ ᠦᠪᠦᠷ ᠮᠣᠩᠭᠣᠯ ᠤᠨ ᠶᠡᠬᠡ ᠰᠤᠷᠭᠠᠭᠤᠯᠢ ᠶᠢᠨ ᠠᠮᠢ ᠠᠬᠤᠢ ᠪᠠ ᠤᠷᠴᠢᠨ ᠲᠤᠭᠤᠷᠢᠨ ᠤ ᠲᠡᠭᠡᠲᠤ ᠰᠤᠷᠭᠠᠭᠤᠯᠢ ᠪᠠᠶᠢᠭᠤᠯᠤᠭᠳᠠᠬᠤ ᠶᠤᠰᠤᠯᠠᠯ ᠦᠪᠦᠷ ᠮᠣᠩᠭᠣᠯ ᠤᠨ ᠶᠡᠬᠡ ᠰᠤᠷᠭᠠᠭᠤᠯᠢ ᠳᠤ ᠶᠠᠪᠤᠭᠳᠠᠪᠠ᠃

    ᠦᠪᠦᠷ ᠮᠣᠩᠭᠣᠯ ᠤᠨ ᠶᠡᠬᠡ ᠰᠤᠷᠭᠠᠭᠤᠯᠢ ᠪᠤᠯ ᠦᠪᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠡᠴᠡ《 ᠳᠡᠯᠡᠬᠡᠢ ᠶᠢᠨ ᠲᠡᠷᠢᠭᠦᠨ ᠤ ᠶᠡᠬᠡ ᠰᠤᠷᠭᠠᠭᠤᠯᠢ》 ᠶ᠋ᠢ ᠤᠷᠢᠳᠠᠪᠠᠷ ᠪᠠᠶᠢᠭᠤᠯᠬᠤ ᠪᠡᠷ ᠲᠤᠭᠲᠠᠭᠰᠠᠨ ᠰᠤᠷᠭᠠᠭᠤᠯᠢ ᠪᠤᠯᠤᠨ᠎ᠠ᠃ ᠠᠮᠢ ᠠᠬᠤᠢ ᠶᠢᠨ ᠰᠤᠳᠤᠯᠤᠯ ᠪᠤᠯ ᠲᠦᠯᠦᠪᠵᠢᠭᠦᠯᠭᠡ ᠳᠡᠬᠢ ᠦᠷᠢᠳᠠᠪᠠᠷ ᠪᠦᠲᠦᠭᠡᠨ ᠪᠠᠶᠢᠭᠤᠯᠬᠤ《 ᠲᠡᠷᠢᠭᠦᠨ ᠤ ᠰᠢᠨᠵᠢᠯᠡᠭᠡᠨ ᠤ ᠰᠠᠯᠠᠭ᠎ᠠ》 ᠪᠤᠯᠤᠨ᠎ᠠ᠃ ᠠᠮᠢ ᠠᠬᠤᠢ ᠪᠠ ᠤᠷᠴᠢᠨ ᠲᠤᠭᠤᠷᠢᠨ ᠤ ᠲᠡᠭᠡᠲᠤ ᠰᠤᠷᠭᠠᠭᠤᠯᠢ ᠪᠠᠶᠢᠭᠤᠯᠤᠭᠳᠠᠭᠰᠠᠨ ᠨᠢ ᠦᠪᠦᠷ ᠮᠣᠩᠭᠣᠯ ᠤᠨ ᠶᠡᠬᠡ ᠰᠤᠷᠭᠠᠭᠤᠯᠢ ᠶᠢᠨ ᠲᠡᠯᠡᠬᠡᠢ ᠶᠢᠨ ᠲᠡᠷᠢᠭᠦᠨ ᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠠᠬᠢᠭᠤᠯᠬᠤ᠂ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠪᠡᠨ ᠲᠡᠭᠡᠭ᠍ᠰᠢᠯᠡᠭᠦᠯᠬᠦ ᠴᠢᠬᠤᠯᠠ ᠠᠷᠭ᠎ᠠ ᠠᠪᠴᠠᠯ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120299236