蒙古文网站Logo
ᠰᠢᠨᠬᠤᠸᠠ ᠮᠤᠩᠭ᠋ᠤᠯ ᠨᠧᠲ

2017 ᠤᠨ ᠤ 《ᠲᠦᠮᠡᠨ ᠬᠦᠮᠦᠨ ᠤ ᠲᠦᠰᠦᠯ》 ᠶᠢᠡᠷ 200 ᠪᠠᠭᠰᠢ ᠶᠢ ᠰᠢᠯᠢᠨ ᠲᠡᠮᠵᠢᠬᠦ ᠪᠡᠷ ᠪᠠᠢᠢᠨ᠎ᠠ

2017-02-15 10:18

    ᠰᠢᠨᠬᠤᠸᠠ ᠬᠤᠷᠢᠶ᠎ᠠ   ᠪᠡᠭᠡᠵᠢᠩ ᠤᠨ 2 ᠰᠠᠷ᠎ᠠ ᠶᠢᠨ 14 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠬᠤ ᠬᠤᠤ ) ᠰᠤᠷᠪᠤᠯᠵᠢᠯᠠᠭᠴᠢ 14 ᠤ ᠡᠲᠦᠷ ᠰᠤᠷᠭᠠᠨ ᠬᠦᠮᠦᠵᠢᠯ ᠤᠨ ᠶᠠᠮᠤᠨ ᠡᠴᠡ ᠡᠤᠢᠢᠯᠠᠭᠠᠭᠰᠠᠨ ᠶᠢᠡᠷ᠂ 2017 ᠤᠨ ᠳ᠋ᠤ ᠤᠯᠤᠰ ᠤᠨ ᠰᠤᠷᠭᠠᠨ ᠬᠦᠮᠦᠵᠢᠯ ᠤᠨ ᠶᠠᠮᠤᠨ᠂ ᠨᠠᠮ ᠤᠨ ᠲᠦᠪ ᠬᠤᠷᠢᠶᠠᠨ ᠤ ᠵᠤᠬᠢᠶᠠᠨ ᠪᠠᠢᠢᠭᠤᠯᠬᠤ ᠬᠡᠯᠳᠡᠰ ᠤᠨ ᠠᠵᠢᠯᠯᠠᠭᠤᠯᠵᠤ ᠪᠠᠢᠢᠭ᠎ᠠ《ᠲᠦᠮᠡᠨ ᠬᠦᠮᠦᠨ ᠤ ᠲᠦᠰᠦᠯ》 ᠶᠢᠡᠷ 200 ᠪᠠᠭᠰᠢ ᠶᠢ ᠰᠢᠯᠢᠨ ᠲᠡᠮᠵᠢᠬᠦ ᠪᠡᠷ ᠪᠠᠢᠢᠨ᠎ᠠ᠃

    ᠤᠢᠢᠯᠠᠭᠠᠭᠰᠠᠨ ᠶᠢᠡᠷ᠂ 200 ᠪᠠᠭᠰᠢ ᠶᠢᠨ 60 ᠶᠡᠬᠡ ᠲᠡᠭᠡᠳᠦ ᠰᠤᠷᠭᠠᠭᠤᠯᠢ ᠶᠢᠨ ᠪᠠᠭᠰᠢ᠂ 40 ᠲᠤᠮᠲᠠ ᠵᠡᠷᠭᠡ ᠡᠴᠡ ᠲᠤᠷᠤᠭᠰᠢᠬᠢ ᠰᠤᠷᠭᠠᠭᠤᠯᠢ ᠶᠢᠨ ᠪᠠᠭᠰᠢ ᠡᠴᠡ ᠰᠢᠯᠢᠵᠦ᠂ ᠤᠯᠤᠰ ᠡᠴᠡ ᠬᠦᠮᠦᠨ ᠨᠢᠭᠡᠪᠦᠷᠢ  ᠵᠢ ᠰᠢᠨᠵᠢᠯᠡᠭᠡ ᠰᠤᠲᠤᠯᠭ᠎ᠠ᠂ ᠴᠢᠲᠠᠪᠤᠷᠢᠲᠠᠨ ᠬᠦᠮᠦᠵᠢᠬᠦᠯᠬᠦ ᠪᠠ ᠪᠠᠭ ᠤᠨ ᠪᠠᠢᠢᠭᠤᠯᠤᠯᠲᠠ ᠶᠢᠨ ᠵᠠᠷᠤᠲᠠᠯ 50 ᠲᠦᠮᠡᠨ ᠲᠦᠭᠦᠷᠢᠭ᠌ ᠶᠢᠡᠷ ᠲᠡᠮᠵᠢᠨ ᠲᠤᠰᠠᠯᠠᠬᠤ ᠪᠤᠯᠤᠨ᠎ᠠ᠃ ᠮᠦᠨ ᠡᠨᠡᠬᠦ ᠲᠦᠰᠦᠯ ᠳ᠋ᠤ ᠰᠢᠯᠢᠭᠲᠡᠭᠰᠡᠨ ᠪᠠᠭᠰᠢ ᠪᠡᠷ ᠦᠯᠢᠭᠡᠷ ᠲᠠᠭᠤᠷᠢᠶᠠᠯ ᠪᠤᠯᠭᠠᠨ᠂ ᠪᠠᠭᠰᠢ ᠨᠠᠷ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠪᠠ ᠰᠤᠷᠭᠠᠭᠤᠯᠢ ᠡᠷᠬᠢᠯᠡᠬᠦ ᠴᠢᠨᠰᠠᠭ᠎ᠠ ᠪᠠᠨ ᠲᠡᠭᠡᠭ᠍ᠰᠢᠯᠡᠬᠦᠯᠬᠦ ᠶᠢ ᠤᠷᠢᠶᠠᠯᠠᠪᠠ᠃

    2012 ᠤᠨ ᠡᠴᠡ ᠡᠬᠢᠯᠡᠨ ᠠᠵᠢᠯᠯᠠᠭᠤᠯᠤᠭᠰᠠᠨ ᠤᠯᠤᠰ ᠤᠨ 《ᠲᠦᠮᠡᠨ ᠬᠦᠮᠦᠨ ᠤ ᠲᠦᠰᠦᠯ》 ᠪᠤᠯ ᠤᠯᠤᠰ ᠤᠨ ᠲᠤᠲᠤᠭᠠᠲᠤ ᠶᠢᠨ ᠲᠡᠭᠡᠳᠦ ᠵᠢᠩᠲᠠᠭᠠᠨ ᠤ ᠴᠢᠲᠠᠪᠤᠷᠢᠲᠠᠨ ᠳ᠋ᠤ ᠬᠠᠨᠲᠤᠭᠤᠯᠤᠭᠰᠠᠨ ᠭᠤᠤᠯᠲᠠᠯᠭ᠎ᠠ ᠲᠠᠢ ᠲᠤᠰᠠᠯᠠᠨ ᠲᠡᠮᠵᠢᠬᠦ ᠲᠦᠰᠦᠯ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
关闭
010070230030000000000000011120791120469911