蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄  ᠤᠯᠤᠰ ᠤᠨ ᠠᠯᠪᠠ ᠬᠠᠭᠠᠭᠴᠢ ᠶᠢᠨ ᠨᠢᠭᠤᠷᠳᠠᠨ ᠰᠢᠯᠭᠠᠯᠳᠠ ᠳᠤ 2000 ᠭᠠᠷᠤᠢ ᠰᠢᠭᠠᠯᠭᠤᠯᠤᠭᠰᠠᠳ 805 ᠠᠵᠢᠯ ᠤᠨ ᠪᠠᠶᠢᠷᠢ ᠶᠢ ᠦᠷᠢᠰᠦᠯᠳᠤᠨ᠎ᠡ

2017-02-21 17:24

    ᠤᠶᠢᠷ᠎ᠠ ᠳᠤ᠂ ᠤᠯᠠᠨ ᠰᠠᠯᠠᠭ᠎ᠠ ᠮᠦᠴᠢᠷ 2017 ᠤᠨ ᠤ ᠤᠯᠤᠰ ᠤᠨ ᠠᠯᠪᠠ ᠬᠠᠭᠠᠭᠴᠢ ᠶᠢᠨ ᠡᠯᠰᠡᠯᠳᠡ ᠶᠢᠨ ᠨᠢᠭᠤᠷᠳᠠᠨ ᠰᠢᠯᠭᠠᠬᠤ ᠮᠡᠳᠡᠭᠳᠡᠯ ᠢᠶᠡᠨ ᠵᠠᠯᠭᠠᠭ᠎ᠠ ᠪᠡᠷ ᠨᠡᠶᠢᠳᠡᠯᠡᠪᠡ᠃ ᠤᠶᠢᠯᠠᠭᠠᠭᠰᠠᠨ ᠢᠶᠡᠷ᠂ ᠲᠦᠪ ᠤᠨ ᠪᠠᠶᠢᠭᠤᠯᠤᠮᠵᠢ ᠵᠢᠴᠢ ᠰᠢᠭᠤᠳ ᠬᠠᠷᠢᠶ᠎ᠠ ᠪᠠᠶᠢᠭᠤᠯᠤᠮᠵᠢ ᠶᠢᠨ ᠦᠪᠦᠷ ᠮᠤᠩᠭ᠋ᠤᠯ ᠳ᠋ᠡᠬᠢ 15 ᠪᠠᠶᠢᠭᠤᠯᠤᠯᠭ᠎ᠠ ᠲᠤᠰ ᠤᠳᠠᠭᠠᠨ ᠤ ᠤᠯᠤᠰ ᠤᠨ ᠰᠢᠯᠭᠠᠯᠳᠠ ᠳᠤ ᠨᠡᠶᠢᠳᠡ 805 ᠠᠵᠢᠯᠳᠠᠨ ᠡᠯᠰᠡᠨ᠎ᠡ᠃ ᠤᠯᠤᠰ ᠤᠨ ᠠᠯᠪᠠ ᠬᠠᠭᠠᠭᠴᠢ ᠶᠢᠨ ᠲᠤᠪᠴᠢᠶ᠎ᠠ ᠶᠢᠨ ᠡᠯᠰᠡᠯᠳᠡ ᠶᠢᠨ ᠰᠢᠭᠠᠯᠳᠠ ᠶᠢᠨ ᠲᠤᠪᠴᠢ ᠲᠠᠶᠢᠯᠪᠤᠷᠢ ᠳᠤ ᠨᠢᠭᠤᠷᠳᠠᠨ ᠰᠢᠯᠭᠠᠯᠳᠠ ᠳᠤ ᠤᠷᠤᠭᠰᠠᠳ ᠢ ᠡᠩ ᠤᠨ ᠪᠠᠶᠢᠳᠠᠯ ᠳᠤ 3᠄1 ᠪᠡᠷ ᠪᠤᠳᠤᠵᠤ᠂ ᠦᠪᠦᠷ ᠮᠤᠩᠭ᠋ᠤᠯ ᠳᠤ ᠨᠡᠶᠢᠳᠡ 2000 ᠭᠠᠷᠤᠢ ᠰᠢᠭᠠᠭᠤᠯᠤᠭᠰᠠᠳ ᠨᠢᠭᠤᠷᠳᠠᠨ ᠰᠢᠯᠭᠠᠯᠳᠠ ᠳᠤ ᠤᠷᠤᠨ᠎ᠠ᠃

    ᠡᠨᠡ ᠵᠢᠯ ᠤᠨ 1 ᠰᠠᠷ᠎ᠠ ᠶᠢᠨ 10 ᠤ ᠡᠳᠤᠷ᠂ ᠤᠯᠤᠰ ᠤᠨ ᠠᠯᠪᠠ ᠬᠠᠭᠠᠭᠴᠢ ᠶᠢᠨ ᠰᠢᠯᠭᠠᠯᠳᠠ ᠶᠢᠨ ᠪᠢᠷ ᠤᠨ ᠰᠢᠯᠭᠠᠯᠳᠠ ᠶᠢᠨ ᠬᠤᠪᠢ ᠶᠢ ᠨᠡᠶᠢᠳᠡᠯᠡᠪᠡ᠃ 1 ᠰᠠᠷ᠎ᠠ ᠶᠢᠨ ᠲᠤᠮᠳᠠᠴᠢ ᠡᠴᠡ ᠡᠬᠢᠯᠡᠨ ᠲᠤᠰ ᠤᠳᠠᠭᠠᠨ ᠤ ᠤᠯᠤᠰ ᠤᠨ ᠠᠯᠪᠠ ᠬᠠᠭᠠᠭᠴᠢ ᠡᠯᠰᠡᠬᠦ ᠪᠠᠶᠢᠭᠤᠯᠤᠯᠭ᠎ᠠ ᠵᠠᠯᠭᠠᠭ᠎ᠠ ᠪᠡᠷ ᠨᠢᠭᠤᠷᠳᠠᠨ ᠰᠢᠯᠭᠠᠭᠬᠤ ᠴᠠᠭ ᠢᠶᠡᠨ ᠨᠡᠶᠢᠳᠡᠯᠡᠪᠡ᠃ ᠦᠪᠦᠷ ᠮᠤᠩᠭ᠋ᠤᠯ 2 ᠰᠠᠷ᠎ᠠ ᠶᠢᠨ 23 ᠡᠴᠡ 3 ᠰᠠᠷ᠎ᠠ ᠶᠢᠨ ᠡᠬᠢᠨ ᠪᠤᠯᠳᠠᠯ᠎ᠠ ᠤᠯᠤᠰ ᠤᠨ ᠰᠢᠯᠭᠠᠯᠳᠠ ᠶᠢᠨ ᠨᠢᠭᠤᠷᠳᠠᠨ ᠰᠢᠯᠭᠠᠯᠳᠠ ᠶᠢ ᠵᠤᠬᠢᠶᠠᠨ ᠪᠠᠶᠢᠭᠤᠯᠤᠨ᠎ᠠ᠃

ᠢᠷᠡᠯᠳᠡ᠄ ᠤᠮᠠᠷᠠᠲᠤ ᠶᠢᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120505443