蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ᠄ 2017 ᠤᠨ ᠳ᠋ᠤ ᠨᠦᠬᠦᠴᠡᠯ ᠲᠠᠢ ᠰᠤᠷᠭᠠᠭᠤᠯᠢ ᠳ᠋ᠤ ᠢᠨᠲ᠋ᠸᠷᠨ᠋ᠸᠲ ᠪᠦᠷᠬᠦᠬᠦᠯᠦᠨ᠎ᠡ

2017-02-22 15:08

    ᠰᠢᠨᠬᠤᠸᠠ ᠬᠤᠷᠢᠶ᠎ᠠ   ᠪᠡᠭᠡᠵᠢᠩ ᠤᠨ 2 ᠰᠠᠷ᠎ᠠ ᠶᠢᠨ 21 ᠤ ᠡᠲᠦᠷ ᠤᠨ ᠴᠠᠬᠢᠯᠭᠠᠨ ᠮᠡᠲᠡᠭᠡ   ᠰᠤᠷᠭᠠᠨ ᠬᠦᠮᠦᠵᠢᠯ ᠤᠨ ᠶᠠᠮᠤᠨ ᠤ ᠠᠯᠪᠠᠨ ᠤ 21 ᠤ ᠡᠲᠦᠷ ᠨᠡᠢᠢᠲᠡᠯᠡᠭᠰᠡᠨ《 2017 ᠤᠨ ᠤ ᠰᠤᠷᠭᠠᠨ ᠬᠦᠮᠦᠵᠢᠯ ᠰᠤᠷᠠᠭ ᠵᠠᠩᠬᠢᠴᠢᠯᠠᠯᠲᠠ ᠶᠢᠨ ᠠᠵᠢᠯ ᠤᠨ ᠦᠨᠳᠦᠰᠦᠨ ᠵᠦᠢᠯ》 ᠳ᠋ᠤ᠂ 2017 ᠤᠨ ᠳ᠋ᠤ ᠨᠦᠬᠦᠴᠡᠯ ᠲᠠᠢ ᠰᠤᠷᠭᠠᠭᠤᠯᠢ ᠳ᠋ᠤ ᠢᠨᠲ᠋ᠸᠷᠨ᠋ᠸᠲ ᠪᠦᠷᠬᠦᠬᠦᠯᠦᠨ᠎ᠡ ᠬᠡᠵᠡᠢ᠃

    ᠰᠤᠷᠭᠠᠨ ᠬᠦᠮᠦᠵᠢᠯ ᠤᠨ ᠰᠤᠷᠠᠭ ᠵᠠᠩᠬᠢᠴᠢᠯᠠᠯᠲᠠ ᠨᠢ ᠤᠲᠤ ᠦᠶ᠎᠎ᠠ ᠶᠢᠨ ᠰᠤᠷᠭᠠᠨ ᠬᠦᠮᠦᠵᠢᠯ ᠳ᠋ᠤ ᠲᠤᠯᠭᠠᠭᠤᠷᠢᠯᠠᠬᠤ᠂ ᠬᠦᠲᠦᠯᠦᠨ ᠲᠠᠭᠠᠭᠤᠯᠬᠤ ᠦᠢᠯᠡᠳᠦᠯ ᠦᠵᠡᠬᠦᠯᠵᠦ ᠪᠤᠢ᠃ 2017 ᠤᠨ ᠳ᠋ᠤ᠂ ᠢᠨᠲ᠋ᠸᠷᠨ᠋ᠸᠲ ᠤᠨ ᠬᠤᠷᠲᠤᠴᠠ 10M ᠬᠦᠷᠬᠦ ᠰᠤᠷᠭᠠᠭᠤᠯᠢ ᠶᠢ 70ᠪᠤᠯᠭᠠᠵᠤ᠂ ᠮᠦᠯᠲ᠋ᠢᠮᠸᠳᠢᠶᠠ ᠶᠢᠨ ᠰᠤᠷᠭᠠᠯᠲᠠ ᠶᠢᠨ ᠠᠩᠬᠢ ᠶᠢᠨ ᠡᠵᠡᠯᠡᠬᠦ ᠬᠠᠷᠢᠴᠠᠯ ᠢ 80ᠬᠦᠷᠭᠡᠨ᠎ᠡ᠃ ᠠᠩᠬᠢ ᠪᠤᠯᠭᠠᠨ ᠳ᠋ᠤ ᠮᠦᠯᠲ᠋ᠢᠮᠸᠳᠢᠶᠠ ᠶᠢᠨ ᠰᠤᠷᠭᠠᠯᠲᠠ ᠶᠢᠨ ᠲᠦᠬᠦᠭᠡᠷᠦᠮᠵᠢ ᠤᠭᠰᠠᠷᠠᠭᠰᠠᠨ ᠰᠤᠷᠭᠠᠭᠤᠯᠢ ᠶᠢ 60ᠪᠤᠯᠭᠠᠨ᠎ᠠ᠃ ᠤᠯᠤᠰ ᠤᠨ ᠰᠤᠷᠭᠠᠨ ᠬᠦᠮᠦᠵᠢᠯ ᠤᠨ ᠤᠯᠠᠨ ᠨᠡᠢᠢᠲᠡ ᠶᠢᠨ ᠦᠢᠯᠡᠴᠢᠯᠡᠭᠡᠨ ᠤ ᠬᠡᠷᠡᠭᠯᠡᠭᠴᠢᠳ ᠢ 7000 ᠲᠦᠮᠡ ᠳ᠋ᠤ ᠬᠦᠷᠭᠡᠬᠦ ᠪᠡᠷ ᠪᠠᠢᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120791120511134