蒙古文网站Logo
ᠰᠢᠨᠬᠤᠸᠠ ᠮᠤᠩᠭ᠋ᠤᠯ ᠨᠧᠲ

ᠤᠯᠠᠭᠠᠨᠬᠠᠲᠠ ᠬᠤᠲᠠ ᠶᠢᠨ ᠦᠨᠳᠦᠷ ᠲᠤᠮᠲᠠᠲᠤ ᠶᠢᠨ ᠰᠤᠷᠤᠭᠴᠢ ᠡᠯᠰᠡᠬᠦ ᠠᠵᠢᠯ ᠰᠢᠨ᠎ᠡ ᠬᠤᠪᠢᠷᠠᠯᠲᠠ ᠲᠠᠢ ᠪᠤᠯᠪᠠ

2017-02-27 11:14

    ᠤᠢᠢᠷ᠎ᠠ ᠳ᠋ᠤ᠂ ᠤᠯᠠᠭᠠᠨᠬᠠᠲᠠ ᠬᠤᠲᠠ ᠶᠢᠨ《 2017 ᠤᠨ ᠤ ᠦᠨᠳᠦᠷ ᠲᠤᠮᠲᠠᠲᠤ ᠶᠢᠨ ᠱᠠᠲᠤᠨ ᠤ ᠰᠤᠷᠤᠭᠴᠢ ᠡᠯᠰᠡᠬᠦ ᠰᠢᠯᠭᠠᠯᠲᠠ ᠶᠢᠨ ᠲᠦᠰᠦᠯ》ᠵᠢᠩᠭᠢᠨᠢ ᠪᠡᠷ ᠨᠡᠢᠢᠲᠡᠯᠡᠭᠲᠡᠪᠡ᠃ ᠤᠢᠢᠯᠠᠭᠠᠭᠰᠠᠨ ᠶᠢᠡᠷ᠂ 《ᠲᠦᠰᠦᠯ》 ᠨᠢ ᠤᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠷᠢᠮ ᠤᠨ ᠰᠠᠭᠤᠷᠢᠨ ᠲᠡᠭᠡᠷ᠎ᠡ ᠭᠤᠷᠪᠠᠨ ᠰᠢᠨ᠎ᠡ ᠬᠤᠪᠢᠷᠠᠯᠲᠠ ᠲᠠᠢ ᠪᠤᠯᠵᠠᠢ᠄ ᠤᠨᠴᠠ ᠴᠢᠲᠠᠪᠤᠷᠢ ᠲᠠᠢ ᠰᠤᠷᠤᠭᠴᠢ ᠶᠢ ᠱᠠᠲᠤ ᠠᠯᠤᠰᠯᠠᠨ ᠡᠯᠰᠡᠵᠦ ᠪᠠᠢᠢᠭᠰᠠᠨ ᠡᠴᠡ ᠤᠷᠢᠳᠴᠢᠯᠠᠨ ᠡᠯᠰᠡᠬᠦ ᠪᠤᠯᠤᠨ᠎ᠠ᠃ ᠠᠮᠢᠲᠤ ᠪᠤᠲᠠᠰ ᠤᠨ ᠲᠤᠷᠰᠢᠯᠲᠠ ᠶᠢᠨ ᠬᠢᠴᠢᠶᠠᠯ ᠤᠨ ᠰᠢᠯᠭᠠᠯᠲᠠ ᠶᠢ ᠠᠩᠬ᠎ᠠ ᠲᠤᠮᠲᠠᠲᠤ ᠶᠢᠨ ᠭᠤᠷᠪᠠᠲᠤᠭᠠᠷ ᠤᠨ ᠳ᠋ᠤ ᠰᠢᠯᠭᠠᠵᠤ ᠪᠠᠢᠢᠭᠰᠠᠨ ᠶᠢᠡᠨ ᠬᠤᠶᠠᠲᠤᠭᠠᠷ ᠤᠨ ᠳ᠋ᠤ ᠰᠢᠯᠭᠠᠬᠤ ᠪᠡᠷ ᠪᠤᠯᠭᠠᠪᠠ᠃ ᠤᠷᠤᠨ ᠪᠦᠰᠡ ᠶᠢᠨ ᠭᠠᠲᠠᠨᠠᠬᠢ ᠰᠤᠷᠤᠭᠴᠢ ᠡᠯᠰᠡᠬᠦ ᠬᠦᠮᠦᠨ ᠤ ᠲᠤᠭ᠎ᠠ ᠶᠢᠨ ᠬᠢᠵᠠᠭᠠᠷᠯᠠᠯ ᠪᠠ ᠨᠦᠬᠦᠴᠡᠯ ᠢ ᠲᠡᠭᠡᠭ᠍ᠰᠢᠯᠡᠬᠦᠯᠪᠡ᠃

    ᠡᠨᠡ ᠵᠢᠯ ᠤᠨ ᠤᠨᠴᠠ ᠴᠢᠲᠠᠪᠤᠷᠢ ᠲᠠᠢ ᠰᠤᠷᠤᠭᠴᠢ ᠶᠢ ᠤᠷᠢᠳᠴᠢᠯᠠᠨ ᠡᠯᠰᠡᠬᠦ ᠪᠡᠷ ᠪᠤᠯᠪᠠ᠃ ᠤᠨᠴᠠ ᠢᠷᠠᠭᠤ ᠠᠯᠲᠠᠷ ᠬᠦᠷᠲᠡᠭᠰᠡᠨ ᠮᠦᠷᠲᠡᠭᠡᠨ ᠢᠯᠡᠷᠬᠡᠢ ᠦᠪᠡᠷᠮᠢᠴᠡ ᠠᠪᠢᠶᠠᠰ ᠴᠢᠲᠠᠪᠤᠷᠢ ᠶᠢ ᠬᠦᠮᠦᠵᠢᠬᠦᠯᠬᠦ ᠲᠠᠪᠠᠭᠤᠯᠢᠭ ᠲᠠᠢ ᠦᠨᠳᠦᠷ ᠵᠡᠷᠭᠡ ᠶᠢᠨ ᠲᠤᠮᠲᠠᠲᠤ ᠰᠤᠷᠭᠠᠭᠤᠯᠢ ᠪᠦᠬᠦ ᠬᠤᠲᠠ ᠶᠢᠨ ᠬᠡᠪᠴᠢᠶᠠᠨ ᠳ᠋ᠤ ᠰᠤᠷᠤᠭᠴᠢ ᠡᠯᠰᠡᠵᠦ ᠪᠤᠯᠤᠨ᠎ᠠ᠃ ᠤᠢᠢᠷ᠎ᠠ ᠶᠢᠨ ᠬᠤᠶᠠᠷ ᠵᠢᠯ ᠳ᠋ᠤ ᠬᠤᠰᠢᠭᠤ ᠰᠢᠶᠠᠨ ᠡᠴᠡ ᠲᠡᠭᠡᠭ᠍ᠰᠢᠬᠢ ᠬᠠᠮᠢᠶ᠎ᠠ ᠪᠦᠬᠦᠢ ᠡᠷᠬᠡ ᠲᠤᠰᠢᠶᠠᠯᠲᠤ ᠰᠠᠯᠠᠭ᠎ᠠ ᠮᠦᠴᠢᠷ ᠡᠴᠡ ᠵᠤᠬᠢᠶᠠᠨ ᠪᠠᠢᠢᠭᠤᠯᠤᠭᠰᠠᠨ ᠤᠷᠤᠯᠲᠤᠭᠠᠨ ᠳ᠋ᠤ ᠤᠷᠤᠯᠴᠠᠭᠰᠠᠨ ᠪᠦᠭᠡᠳ ᠰᠢᠯᠭᠠᠬᠤ ᠪᠡᠷ ᠨᠡᠷ᠎ᠡ ᠮᠡᠳᠡᠬᠦᠯᠦᠭᠰᠡᠨ ᠲᠤᠰᠬᠠᠢ ᠮᠡᠷᠭᠡᠵᠢᠯ ᠤᠨ ᠤᠷᠤᠯᠲᠤᠭᠠᠨ ᠤ ᠶᠡᠷᠦᠩᠬᠡᠢ ᠬᠤᠪᠢ ᠨᠢ ᠨᠢᠭᠡᠲᠦᠭᠡᠷ ᠲᠤ ᠵᠢᠭ‍ᠰᠠᠭᠠᠭᠲᠠᠭᠰᠠᠨ ᠰᠢᠯᠭᠠᠭᠤᠯᠤᠭᠰᠠᠳ( ᠪᠠᠶ᠎ᠠ ᠶᠢᠨ ᠲᠠᠮᠢᠷ ᠤᠨ ᠲᠦᠰᠦᠯ ᠤᠨ ᠬᠦᠯ ᠪᠦᠮᠪᠦᠭᠡ ᠡᠴᠡ ᠭᠠᠲᠠᠨ᠎ᠠ)᠂《ᠲᠡᠷᠢᠭᠦᠯᠡᠭᠴᠢ ᠬᠤᠨᠲᠠᠭᠠᠲᠤ》ᠬᠦᠯ ᠪᠦᠮᠪᠦᠭᠡᠨ ᠤᠷᠤᠯᠲᠤᠭᠠᠨ ᠳ᠋ᠤ ᠤᠷᠤᠯᠴᠠᠭᠰᠠᠨ ᠪᠦᠬᠦ ᠰᠤᠷᠤᠭᠴᠢᠳ ᠪᠤᠯᠤᠨ 《ᠬᠤᠰᠢᠭᠤᠨ ᠲᠠᠷᠤᠭ᠎ᠠ ᠬᠤᠨᠲᠠᠭᠠᠲᠤ 》 ᠬᠦᠯ ᠪᠦᠮᠪᠦᠭᠡᠨ ᠤᠷᠤᠯᠲᠤᠭᠠᠨ ᠲᠤᠮᠲᠠ ᠬᠠᠮᠤᠭ ᠰᠢᠯᠢᠲᠡᠭ ᠵᠢᠭ‍ᠰᠠᠭᠠᠯ ᠤᠨ ᠨᠡᠷᠡᠰ ᠲᠤ ᠵᠢᠭ‍ᠰᠠᠭᠠᠭᠲᠠᠭᠰᠠᠨ ᠰᠤᠷᠤᠭᠴᠢ(ᠲᠠᠭᠤᠤ ᠬᠦᠭ᠍ᠵᠢᠮ᠂ ᠤᠷᠠᠨ ᠵᠢᠷᠤᠭ ᠤᠨ ᠨᠢᠭᠡᠲᠦᠭᠡᠷ ᠲᠦᠷᠦᠯ᠂ ᠬᠦᠯ ᠪᠦᠮᠪᠦᠭᠡ ᠶᠢᠨ ᠬᠤᠶᠠᠲᠤᠭᠠᠷ ᠲᠦᠷᠦᠯ ᠤᠨ ) ᠴᠦᠮ ᠦᠨᠳᠦᠷ ᠲᠤᠮᠲᠠᠲᠤ ᠳ᠋ᠤ ᠰᠢᠯᠭᠠᠭᠤᠯᠬᠤ ᠰᠢᠯᠭᠠᠯᠲᠠ ᠶᠢᠨ ᠬᠢᠷᠢ ᠪᠦᠲᠦᠮᠵᠢ ᠳ᠋ᠤ ᠬᠢᠵᠠᠭᠠᠷᠯᠠᠭᠲᠠᠬᠤ ᠦᠭᠡᠢ᠂ ᠤᠷᠢᠳᠴᠢᠯᠠᠨ ᠡᠯᠰᠡᠬᠦ ᠬᠢᠷᠢ ᠬᠡᠮ ᠳ᠋ᠤ ᠬᠦᠷᠦᠭᠰᠡᠨ ᠪᠤᠯ ᠰᠢᠭᠤᠳ ᠡᠯᠰᠡᠭᠲᠡᠵᠦ ᠪᠤᠯᠤᠨ᠎ᠠ᠃ ᠵᠢᠩᠭᠢᠨᠢ ᠪᠡᠷ ᠡᠯᠰᠡᠬᠦ ᠲᠤᠮᠲᠠ ᠰᠤᠶᠤᠯ ᠤᠨ ᠬᠢᠴᠢᠶᠠᠯ ᠤᠨ ᠬᠤᠪᠢ ᠶᠢᠨ ᠬᠠᠮᠤᠭ ᠤᠨ ᠲᠤᠤᠷ᠎ᠠ ᠪᠠᠷᠢᠮᠵᠢᠶ᠎ᠠ ᠶᠢ ᠲᠤᠬᠢᠷᠠᠭᠤᠯᠵᠤ᠂ ᠲᠤᠰᠬᠠᠢ ᠮᠡᠷᠭᠡᠵᠢᠯ ᠤᠨ ᠬᠢᠴᠢᠶᠠᠯ ᠤᠨ ᠬᠢᠷᠢ ᠪᠦᠲᠦᠮᠵᠢ ᠶᠢ ᠤᠷᠢᠳᠴᠢᠯᠠᠨ ᠪᠤᠲᠤᠯᠬᠢᠯᠠᠨ᠎ᠠ᠂ ᠤᠨᠴᠠ ᠴᠢᠲᠠᠪᠤᠷᠢ ᠲᠠᠢ ᠰᠤᠷᠤᠭᠴᠢ 4 ᠰᠠᠷ᠎ᠠ ᠶᠢᠨ 10 ᠤ ᠡᠲᠦᠷ ᠡᠴᠡ 4 ᠰᠠᠷ᠎ᠠ ᠶᠢᠨ 15 ᠤ ᠡᠲᠦᠷ ᠪᠤᠯᠲᠠᠯ᠎ᠠ ᠢᠨᠲ᠋ᠸᠷᠨ᠋ᠸᠲ ᠶᠢᠡᠷ ᠪᠦᠷᠢᠳᠭᠡᠬᠦᠯᠦᠨ᠎ᠡ᠃ ᠠᠮᠢᠲᠤ ᠪᠤᠲᠠᠰ ᠤᠨ ᠬᠢᠴᠢᠶᠠᠯ ᠢ ᠠᠩᠬ᠎ᠠ ᠲᠤᠮᠲᠠᠲᠤ ᠶᠢᠨ ᠬᠤᠶᠠᠲᠤᠭᠠᠷ ᠤᠨ ᠳ᠋ᠤ ᠨᠢᠭᠡᠨᠲᠨ ᠰᠤᠷᠴᠤ ᠲᠠᠭᠤᠰᠤᠭᠰᠠᠨ ᠪᠤᠯᠬᠤᠷ ᠬᠡᠷᠪᠡ ᠭᠤᠷᠪᠠᠲᠤᠭᠠᠷ ᠤᠨ ᠪᠤᠯᠤᠭᠠᠳ ᠲᠠᠬᠢᠵᠤ ᠠᠮᠢᠲᠤ ᠪᠤᠲᠠᠰ ᠤᠨ ᠲᠤᠷᠰᠢᠯᠲᠠ ᠶᠢᠨ ᠬᠢᠴᠢᠶᠠᠯ ᠢ ᠰᠢᠯᠭᠠᠬᠤ ᠳ᠋ᠤ ᠬᠦᠷᠪᠡᠯ᠂ ᠰᠢᠯᠭᠠᠭᠤᠯᠤᠭᠰᠠᠳ ᠤᠨ ᠰᠤᠷᠤᠯᠭ᠎ᠠ ᠶᠢᠨ ᠲᠠᠷᠤᠭᠠᠰᠤ ᠶᠢ ᠨᠡᠮᠡᠭᠲᠡᠬᠦᠯᠬᠦ ᠪᠤᠯᠬᠤᠷ᠂ 2017 ᠤᠨ ᠡᠴᠡ ᠬᠤᠢᠢᠰᠢ ᠠᠮᠢᠲᠤ ᠪᠤᠲᠠᠰ ᠤᠨ ᠲᠤᠷᠰᠢᠯᠲᠠ ᠶᠢᠨ ᠬᠢᠴᠢᠶᠠᠯ ᠤᠨ ᠰᠢᠯᠭᠠᠯᠲᠠ ᠶᠢ ᠠᠩᠬ᠎ᠠ ᠲᠤᠮᠲᠠᠲᠤ ᠶᠢᠨ ᠬᠤᠶᠠᠲᠤᠭᠠᠷ ᠤᠨ ᠤ ᠬᠢᠴᠢᠶᠠᠯ ᠲᠡᠭᠦᠰᠬᠦ ᠦᠶ᠎ᠠ ᠳ᠋ᠤ ᠰᠢᠯᠭᠠᠨ᠎ᠠ᠃

    ᠡᠯ᠎ᠡ ᠬᠤᠰᠢᠭᠤ ᠰᠢᠶᠠᠨ ᠤ ᠰᠤᠷᠭᠠᠨ ᠬᠦᠮᠦᠵᠢᠯ ᠤᠨ ᠲᠡᠩᠴᠡᠬᠦᠷᠢ ᠲᠠᠢ ᠬᠦᠭ᠍ᠵᠢᠯᠲᠠ ᠶᠢ ᠪᠠᠲᠤᠯᠠᠬᠤ ᠶᠢᠨ ᠲᠦᠯᠦᠭᠡ᠂ ᠰᠢᠯᠢᠲᠡᠭ ᠡᠩ ᠤᠨ ᠦᠨᠳᠦᠷ ᠵᠡᠷᠭᠡ ᠶᠢᠨ ᠲᠤᠮᠲᠠᠲᠤ ᠰᠤᠷᠭᠠᠭᠤᠯᠢ ᠪᠦᠷᠢ ᠶᠢᠨ ᠤᠷᠤᠨ ᠪᠦᠰᠡ ᠶᠢᠨ ᠭᠠᠲᠠᠨᠠᠬᠢ ᠰᠤᠷᠤᠭᠴᠢ ᠡᠯᠰᠡᠬᠦ ᠬᠦᠮᠦᠨ ᠤ ᠲᠤᠭ᠎ᠠ 40 ᠡᠴᠨ ᠬᠡᠲᠦᠷᠡᠵᠦ ᠪᠤᠯᠬᠤ ᠦᠭᠡᠢ᠂ ᠪᠦᠬᠦ ᠬᠤᠲᠠ ᠶᠢᠨ ᠬᠠᠮᠤᠭ ᠶᠡᠬᠡ ᠬᠢᠵᠠᠭᠠᠷ ᠨᠢ 200 ᠬᠦᠮᠦᠨ ᠡᠴᠡ ᠬᠡᠲᠦᠷᠡᠵᠦ ᠪᠤᠯᠬᠤ ᠦᠭᠡᠢ ᠭᠡᠵᠦ ᠲᠤᠭᠲᠠᠭᠠᠪᠠ᠃ 

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120791120535292