蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ᠄ ᠪᠠᠭ᠎ᠠ ᠰᠤᠷᠭᠠᠭᠤᠯᠢ ᠳ᠋ᠤ ᠤᠷᠤᠬᠤ ᠨᠠᠰᠤ ᠶᠢ ᠨᠢᠭᠡᠲᠦᠯᠲᠡᠢ ᠲᠤᠭᠲᠠᠭᠠᠬᠤ ᠦᠭᠡᠢ

2017-02-28 17:28

    2017 ᠤᠨ ᠤ ᠪᠠᠭ᠎ᠠ ᠰᠤᠷᠭᠠᠭᠤᠯᠢ ᠳ᠋ᠤ ᠤᠷᠤᠬᠤ ᠬᠡᠦᠬᠡᠳ ᠤᠨ ᠨᠠᠰᠤ ᠶᠢ ᠲᠤᠭᠲᠠᠭᠠᠬᠤ ᠲᠤᠬᠠᠢ 2 ᠰᠠᠷ᠎ᠠ ᠶᠢᠨ 26 ᠤ ᠡᠲᠦᠷ ᠰᠤᠷᠭᠠᠨ ᠬᠦᠮᠦᠵᠢᠯ ᠤᠨ ᠶᠠᠮᠤᠨ ᠢᠯᠡᠷᠬᠡᠢᠢᠯᠡᠬᠦ ᠳ᠋ᠡᠭᠡᠨ《ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠠᠦᠯᠢ》 ᠳ᠋ᠤ ᠲᠤᠭᠲᠠᠭᠠᠭᠰᠠᠨ ᠶᠢᠡᠷ᠂ ᠪᠦᠬᠦᠯᠢ ᠵᠢᠷᠭᠤᠭᠠᠨ ᠨᠠᠰᠤ ᠬᠦᠷᠦᠭᠰᠡᠨ ᠬᠡᠦᠬᠡᠳ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠵᠦ ᠪᠤᠯᠤᠨ᠎ᠠ ᠭᠡᠵᠡᠢ᠃ ᠪᠠᠰᠠ《ᠠᠯᠪᠠᠨ ᠵᠢᠷᠦᠮ ᠤᠨ ᠰᠤᠷᠭᠠᠨ ᠬᠦᠮᠦᠵᠢᠯ ᠢ ᠲᠦᠷᠦ ᠶᠢᠨ ᠶᠠᠪᠤᠲᠠᠯ ᠤᠨ ᠬᠤᠷᠢᠶ᠎ᠠ᠎ ᠡᠴᠡ ᠤᠲᠤᠷᠢᠳᠴᠤ᠂ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠲᠤᠨ ᠨᠢᠭᠡᠲᠦᠯᠲᠡᠢ ᠲᠦᠯᠦᠪᠯᠡᠵᠦ ᠨᠡᠢᠢᠲᠡᠮ ᠳ᠋ᠤᠨᠢ ᠲᠤᠬᠢᠷᠠᠭᠤᠯᠵᠤ᠂ ᠰᠢᠶᠠᠨ ᠤ ᠵᠡᠷᠭᠡᠯᠡᠯ ᠤᠨ ᠠᠷᠠᠳ ᠤᠨ ᠵᠠᠰᠠᠭ ᠤᠨ ᠤᠷᠲᠤᠨ ᠡᠴᠡ ᠪᠤᠲᠠᠲᠠᠢ ᠬᠠᠮᠢᠶᠠᠷᠤᠯᠲᠠ ᠶᠠᠪᠤᠭᠤᠯᠤᠨ᠎ᠡ 》ᠭᠡᠵᠡᠢ᠃

    ᠡᠯ᠎ᠡ ᠮᠤᠵᠢ ᠶᠢᠨ ᠰᠤᠷᠭᠠᠭᠤᠯᠢ ᠳ᠋ᠤ ᠤᠷᠤᠬᠤ ᠬᠡᠦᠬᠡᠳ ᠪᠠ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠠᠭᠠᠭᠠᠴᠠ ᠶᠢᠨ ᠬᠡᠮᠵᠢᠶ᠎ᠠ ᠶᠢᠨ ᠠᠳᠠᠯᠢ ᠪᠤᠰᠤ ᠳ᠋ᠤ ᠲᠤᠬᠢᠷᠠᠭᠤᠯᠤᠨ ᠰᠤᠷᠭᠠᠭᠤᠯᠢ ᠳ᠋ᠤ ᠤᠷᠤᠬᠤ ᠬᠡᠦᠬᠡᠳ ᠤᠨ ᠨᠠᠰᠤ ᠶᠢ ᠡᠯ᠎ᠡ ᠮᠤᠵᠢ ᠶᠢᠨ ᠬᠢᠨ ᠪᠤᠲᠠᠲᠤ ᠪᠠᠢᠢᠲᠠᠯ ᠲᠠᠢ ᠪᠠᠨ ᠤᠶᠠᠯᠲᠤᠭᠤᠯᠤᠨ ᠦᠪᠡᠷ ᠶᠢᠡᠨ ᠲᠤᠭᠲᠠᠭᠠᠲᠠᠭ᠃

    ᠰᠤᠷᠭᠠᠨ ᠬᠦᠮᠦᠵᠢᠯ ᠤᠨ ᠶᠠᠮᠤᠨ ᠤ ᠠᠯᠪᠠᠨ ᠡᠴᠡ ᠨᠡᠢᠢᠲᠡᠯᠡᠭᠰᠡᠨ《2017 ᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠠᠵᠢᠯ ᠢ ᠰᠠᠢᠢᠲᠦᠷ ᠬᠢᠬᠦ ᠲᠤᠬᠠᠢ ᠮᠡᠲᠡᠭᠲᠡᠯ》ᠪᠤᠯ ᠬᠠᠦᠯᠢ ᠲᠦᠷᠢᠮ ᠶᠤᠰᠤᠭᠠᠷ ᠶᠠᠪᠤᠭᠲᠠᠭᠤᠯᠵᠤ ᠪᠠᠢᠢᠭ᠎ᠠ ᠠᠷᠭ᠎ᠠ ᠪᠠᠷᠢᠯ ᠪᠦᠭᠡᠳ ᠰᠤᠷᠭᠠᠨ ᠬᠦᠮᠦᠵᠢᠯ ᠤᠨ ᠶᠠᠮᠤᠨ ᠡᠴᠡ ᠰᠤᠷᠭᠠᠭᠤᠯᠢ ᠳ᠋ᠤ ᠤᠷᠤᠬᠤ ᠬᠡᠦᠬᠡᠳ ᠤᠨ ᠨᠠᠰᠤ ᠶᠢ ᠨᠢᠭᠡᠲᠦᠯᠲᠡᠢ ᠲᠤᠬᠢᠷᠠᠭᠤᠯᠵᠤ ᠪᠠᠢᠢᠬᠤ ᠦᠭᠡᠢ ᠭᠡᠵᠡᠢ᠃

ᠢᠷᠡᠯᠳᠡ᠄ ᠭᠤᠸᠠᠩᠮᠢᠩ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120791120545267