蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ᠄ 2016 ᠤᠨ ᠳ᠋ᠤ ᠮᠠᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠦᠩᠬᠦ ᠬᠦᠷᠲᠡᠭᠰᠡᠨ ᠰᠤᠷᠤᠭᠴᠢ ᠲᠠᠪᠬᠤᠷᠲᠠᠭᠰᠠᠨ ᠲᠤᠭ᠎ᠠ ᠪᠡᠷ 9000 ᠲᠦᠮᠡ ᠬᠦᠷᠪᠡ

2017-03-01 10:10

    ᠰᠢᠨᠬᠤᠸᠠ ᠬᠤᠷᠢᠶ᠎ᠠ   ᠪᠡᠭᠡᠵᠢᠩ ᠤᠨ 2 ᠰᠠᠷ᠎ᠠ ᠶᠢᠨ 28 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠱᠢ ᠢᠦᠢ ᠼᠸᠨ ) 28 ᠤ ᠡᠲᠦᠷ ᠰᠤᠷᠭᠠᠨ ᠬᠦᠮᠦᠵᠢᠯ ᠤᠨ ᠶᠠᠮᠤᠨ ᠤ《 ᠲᠤᠮᠲᠠᠲᠤ ᠤᠯᠤᠰ ᠤᠨ 2016 ᠤᠨ ᠤ ᠰᠤᠷᠤᠭᠴᠢ ᠶᠢᠨ ᠲᠡᠳᠬᠦᠮᠵᠢ ᠶᠢᠨ ᠮᠦᠩᠬᠦ ᠬᠦᠷᠲᠡᠭᠰᠡᠨ ᠮᠡᠲᠡᠬᠦᠯᠦᠯᠲᠡ》 ᠳ᠋ᠤ ᠦᠵᠡᠬᠦᠯᠦᠭᠰᠡᠨ ᠶᠢᠡᠷ᠂ 2016 ᠤᠨ ᠳ᠋ᠤ ᠮᠠᠨ ᠤ ᠤᠯᠤᠰ ᠰᠤᠷᠤᠭᠴᠢ ᠶᠢᠨ ᠲᠡᠳᠬᠦᠮᠵᠢ ᠶᠢᠨ ᠮᠦᠩᠬᠦ ᠶᠢᠨ ᠲᠦᠷᠦ ᠶᠢᠨ ᠪᠤᠲᠤᠯᠭ᠋ ᠠ ᠶᠢᠨ ᠲᠤᠭᠲᠠᠯᠴᠠᠭ᠎ᠠ ᠪᠠᠨ ᠤᠯᠠᠮ ᠨᠢᠭᠡ ᠠᠯᠬᠤᠮ ᠲᠡᠭᠦᠯᠲᠡᠷᠡᠵᠢᠬᠦᠯᠵᠦ᠂ ᠰᠤᠷᠭᠠᠭᠤᠯᠢ ᠶᠢᠨ ᠨᠠᠰᠤᠨ ᠡᠴᠡ ᠡᠮᠦᠨᠡᠬᠢ ᠰᠤᠷᠭᠠᠨ ᠬᠦᠮᠦᠵᠢᠯ᠂ ᠠᠯᠪᠠᠨ ᠵᠢᠷᠦᠮ ᠤᠨ ᠰᠤᠷᠭᠠᠨ ᠬᠦᠮᠦᠵᠢᠯ᠂ ᠲᠤᠮᠲᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠡᠩ ᠤᠨ ᠲᠡᠭᠡᠲᠦ ᠲᠤᠮᠲᠠᠲᠤ ᠰᠤᠷᠭᠠᠭᠤᠯᠢ ᠪᠠ ᠡᠩ ᠤᠨ ᠶᠡᠬᠡ ᠲᠡᠭᠡᠳᠦ ᠰᠤᠷᠭᠠᠭᠤᠯᠢ ᠶᠢᠨ 9126.14 ᠰᠤᠷᠤᠭᠴᠢ ᠳ᠋ᠤ ᠰᠤᠷᠤᠯᠭ᠎ᠠ ᠶᠢᠨ ᠲᠡᠳᠬᠦᠮᠵᠢ ᠶᠢᠨ ᠮᠦᠩᠬᠦ ᠬᠦᠷᠲᠡᠭᠡᠨ᠂ ᠨᠢᠲᠤᠨᠤᠨ ᠤ ᠬᠢ ᠡᠴᠡ ᠲᠠᠪᠬᠤᠷᠲᠠᠭᠰᠠᠨ ᠲᠤᠭ᠎ᠠ ᠪᠡᠷ 692.87 ᠲᠦᠮᠡ ᠪᠡᠷ ᠨᠡᠮᠡᠭᠲᠡᠪᠡ᠃

    ᠲᠠᠨᠢᠯᠴᠠᠭᠤᠯᠤᠭᠰᠠᠨ ᠶᠢᠡᠷ᠂ 2016 ᠤᠨ ᠳ᠋ᠤ ᠤᠯᠤᠰ ᠲᠠᠶᠠᠭᠠᠷ ᠲᠤ ᠨᠡᠢᠢᠲᠡ ᠲᠡᠳᠭᠦᠭ᠍ᠰᠡᠨ ᠮᠦᠩᠬᠦ 1688.76 ᠳ᠋ᠦᠩᠰᠢᠭᠤᠷ ᠲᠦᠬᠦᠷᠢᠭ᠌ ( ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠦᠯᠦᠪᠦᠷᠢ ᠦᠭᠡᠢ ᠵᠢᠭᠠᠬᠠᠤ ᠮᠠᠲ᠋ᠸᠷᠢᠶᠠᠯ ᠪᠠ ᠰᠢᠮ᠎ᠡ ᠲᠡᠵᠢᠭᠡᠯ ᠤᠨ ᠨᠦᠬᠦᠪᠦᠷᠢ ᠮᠦᠩᠬᠦ ᠶᠢ ᠪᠠᠭᠲᠠᠭᠠᠬᠤ ᠦᠭᠡᠢ) ᠲᠤ ᠬᠦᠷᠪᠡ᠃

    ᠤᠯᠤᠰ ᠲᠠᠶᠠᠭᠠᠷ ᠤᠨ ᠰᠤᠷᠤᠭᠴᠢ ᠶᠢᠨ ᠲᠡᠳᠬᠦᠮᠵᠢ ᠶᠢᠨ ᠮᠦᠩᠬᠦᠨ ᠤ ᠬᠠᠮᠢᠶᠠᠷᠤᠯᠲᠠ ᠶᠢᠨ ᠲᠦᠪ ᠤᠨ ᠡᠷᠬᠢᠯᠡᠭᠴᠢ ᠲᠢᠶᠠᠨ ᠽᠦ ᠮᠸᠩ 2017 ᠤᠨ ᠳ᠋ᠤ ᠦᠷᠬᠦᠯᠵᠢᠯᠡᠨ ᠤᠨᠤᠪᠴᠢᠲᠠᠢ ᠪᠡᠷ ᠲᠤᠰᠠᠯᠠᠨ ᠲᠡᠮᠵᠢᠵᠦ᠂ ᠲᠤᠰᠠᠯᠠᠨ ᠲᠡᠮᠵᠢᠬᠦ ᠪᠡᠷ ᠬᠦᠮᠦᠵᠢᠬᠦᠯᠬᠦ ᠠᠵᠢᠯ ᠢ ᠠᠬᠢᠭᠤᠯᠵᠤ᠂ ᠰᠤᠷᠤᠯᠭ᠎ᠠ ᠶᠢᠨ ᠲᠡᠳᠬᠦᠮᠵᠢ ᠶᠢᠨ ᠮᠦᠩᠬᠦᠨ ᠤ ᠠᠵᠢᠯ ᠢ ᠦᠨᠡᠨ ᠬᠦ ᠰᠠᠢᠢᠵᠢᠷᠠᠭᠤᠯᠬᠤ ᠴᠢᠬᠤᠯᠠᠲᠠᠢ ᠭᠡᠵᠦ ᠢᠯᠡᠷᠬᠡᠢᠢᠯᠡᠪᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120791120548551