蒙古文网站Logo
ᠰᠢᠨᠬᠤᠸᠠ ᠮᠤᠩᠭ᠋ᠤᠯ ᠨᠧᠲ

ᠪᠤᠷᠤᠲᠠᠯ᠎ᠠ᠄ ᠬᠦᠲᠡᠭᠡ ᠲᠤᠰᠬᠤᠨ ᠳ᠋ᠤ ᠰᠢᠨ᠎ᠡ ᠪᠡᠷ 133 ᠬᠤᠤᠰ ᠬᠡᠯᠡᠨ ᠤ ᠬᠡᠦᠬᠡᠳ ᠤᠨ ᠴᠡᠴᠡᠷᠯᠢᠭ᠌ ᠪᠠᠢᠢᠭᠤᠯᠬᠤ ᠪᠡᠷ ᠪᠤᠢ

2017-03-03 11:22

    2 ᠰᠠᠷ᠎ᠠ ᠶᠢᠨ 25 ᠤ ᠡᠲᠦᠷ᠂ ᠰᠤᠷᠪᠤᠯᠵᠢᠯᠠᠭᠴᠢ ᠪᠤᠷᠤᠲᠠᠯ᠎ᠠ ᠮᠤᠩᠭ᠋ᠤᠯ ᠦᠪᠡᠷᠲᠡᠭᠡᠨ ᠵᠠᠰᠠᠬᠤ ᠵᠸᠦ ᠶᠢᠨ ᠰᠤᠷᠭᠠᠨ ᠬᠦᠮᠦᠵᠢᠯ ᠤᠨ ᠲᠤᠪᠴᠢᠶᠠᠨ ᠡᠴᠡ ᠤᠢᠢᠯᠠᠭᠠᠭᠰᠠᠨ ᠶᠢᠡᠷ᠂ 2017 ᠤᠨ ᠳ᠋ᠤ ᠪᠤᠷᠤᠲᠠᠯ᠎ᠠ ᠬᠦᠲᠡᠭᠡ ᠲᠤᠰᠬᠤᠨ ᠳ᠋ᠤ ᠰᠢᠨ᠎ᠡ ᠪᠡᠷ 133 ᠬᠤᠤᠰ ᠬᠡᠯᠡᠨ ᠤ ᠬᠡᠦᠬᠡᠳ ᠤᠨ ᠴᠡᠴᠡᠷᠯᠢᠭ᠌ ᠪᠠᠢᠢᠭᠤᠯᠬᠤ ᠪᠡᠷ ᠲᠦᠯᠦᠪᠯᠡᠵᠦ᠂ ᠪᠠᠷᠢᠯᠭ᠎ᠠ ᠶᠢᠨ ᠲᠠᠯᠠᠪᠠᠢ 11.24 ᠲᠦᠮᠡᠨ ᠺᠦᠸᠠᠳ᠋ ᠮᠸᠲ᠋ᠷ᠂ 2.9 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠬᠤ ᠪᠤᠯᠤᠨ᠎ᠠ᠃

    ᠤᠢᠢᠯᠠᠭᠠᠭᠰᠠᠨ ᠶᠢᠡᠷ᠂ 8 ᠰᠠᠷ᠎ᠠ ᠶᠢᠨ 20 ᠪᠤᠯᠲᠠᠯ᠎ᠠ ᠠᠰᠢᠭᠯᠠᠯᠲᠠ ᠳ᠋ᠤ ᠤᠷᠤᠭᠤᠯᠬᠤ ᠪᠡᠷ ᠴᠢᠷᠮᠠᠢᠢᠨ ᠠᠵᠢᠯᠯᠠᠵᠤ᠂ ᠬᠦᠲᠡᠭᠡ ᠲᠤᠰᠬᠤᠨ ᠤ ᠰᠤᠷᠭᠠᠭᠤᠯᠢ ᠶᠢᠨ ᠨᠠᠰᠤᠨ ᠡᠴᠡ ᠡᠮᠦᠨᠡᠬᠢ 11674 ᠬᠡᠦᠬᠡᠳ ᠤᠨ ᠴᠡᠴᠡᠷᠯᠢᠭ ᠲᠤ ᠤᠷᠤᠬᠤ ᠠᠰᠠᠭᠤᠲᠠᠯ ᠢ ᠦᠨᠡᠨ ᠬᠦ ᠰᠢᠢᠳᠪᠦᠷᠢᠯᠡᠨ᠎ᠡ᠃ ᠬᠤᠤᠰ ᠬᠡᠯᠡᠨ ᠤ ᠬᠡᠦᠬᠡᠳ ᠤᠨ ᠴᠡᠴᠡᠷᠯᠢᠭ ᠨᠢ ᠭᠤᠷᠪᠠᠨ ᠠᠩᠬᠢ ( ᠪᠠᠭ᠎ᠠ ᠠᠩᠬᠢ᠂ ᠲᠤᠮᠲᠠ ᠠᠩᠬᠢ᠂ ᠶᠡᠬᠡ ᠠᠩᠬᠢ) ᠂ ᠴᠡᠴᠡᠷᠯᠢᠭ ᠪᠦᠷᠢ 6 ᠪᠠᠭᠰᠢ᠂ 3 ᠠᠰᠠᠷᠠᠭᠴᠢ ᠲᠤᠬᠢᠷᠠᠭᠤᠯᠤᠨ ᠲᠦᠯᠦᠪᠦᠷᠢ ᠦᠭᠡᠢ ᠰᠤᠷᠭᠠᠯᠲᠠ ᠬᠠᠩᠭ᠋ᠠᠨ᠎ᠠ᠃ ᠮᠦᠨ ᠬᠦᠲᠡᠯᠭᠡᠭᠡᠨ ᠤ ᠲᠠᠰᠤᠭ᠂ ᠤᠨᠲᠠᠯᠭ᠎ᠠ ᠶᠢᠨ ᠦᠷᠦᠭᠡ᠂ ᠲᠤᠭᠤᠭᠠᠨ ᠭᠡᠷ ᠵᠡᠷᠭᠡ ᠵᠢᠭᠠᠨ ᠰᠤᠷᠭᠠᠯᠲᠠ᠂ ᠬᠦᠨᠡᠰᠦ ᠤᠰᠤᠨ ᠤ ᠦᠢᠯᠡᠴᠢᠯᠡᠭᠡ ᠶᠢ ᠨᠢᠭᠡ ᠴᠤᠭᠴᠠᠵᠢᠭᠤᠯᠤᠨ ᠬᠠᠩᠭ᠋ᠠᠬᠤ ᠪᠤᠯᠤᠨ᠎ᠠ᠃

ᠢᠷᠡᠯᠳᠡ᠄ ᠪᠤᠷᠤᠲᠠᠯ᠎ᠠ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120791120563147