蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠨᠢᠭᠡ ᠰᠤᠷᠤᠭᠴᠢ ᠵᠢᠷᠭᠤᠭᠠᠨ ᠵᠢᠯ ᠤᠨ ᠬᠤᠭᠤᠴᠠᠭᠠᠨ ᠳ᠋ᠤ ᠠᠦ᠋ᠲ᠋ᠤᠪᠤᠰ ᠤᠨ ᠵᠠᠭᠪᠤᠷ ᠵᠢᠷᠤᠭ 120 ᠪᠦᠲᠦᠭᠡᠵᠡᠢ

2017-03-13 11:44

    ᠰᠡᠬᠦᠯ ᠤᠨ ᠦᠶ᠎ᠠ ᠳ᠋ᠤ ᠬᠦᠬᠡᠬᠤᠲᠠ ᠶᠢᠨ ᠠᠷᠪᠠᠨ ᠨᠠᠶ᠋ᠮᠠᠲᠤᠭᠠᠷ ᠲᠤᠮᠲᠠᠲᠤ ᠰᠤᠷᠭᠠᠭᠤᠯᠢ ᠶᠢᠨ ᠲᠡᠭᠡᠳᠦ ᠭᠤᠷᠪᠠ ᠶᠢᠨ ᠰᠤᠷᠤᠭᠴᠢ ᠰᠦᠨ ᠢᠦᠢ ᠶᠢᠨ ᠠᠦ᠋ᠲ᠋ᠤᠪᠤᠰ ᠤᠨ ᠵᠠᠭᠪᠤᠷ ᠵᠢᠷᠤᠭ ᠢᠨᠲ᠋ᠸᠷᠨ᠋ᠸᠲ ᠶᠢᠡᠷ ᠦᠷᠭᠡᠨ ᠰᠠᠴᠤᠭᠲᠠᠵᠤ᠂ ᠬᠦᠮᠦᠰ ᠤᠨ ᠠᠩᠬᠠᠷᠤᠯ ᠳ᠋ᠤ ᠬᠦᠷᠪᠡ᠃ 3 ᠰᠠᠷ᠎ᠠ ᠶᠢᠨ 12 ᠤᠨ ᠡᠲᠦᠷ᠂ ᠰᠤᠷᠪᠤᠯᠵᠢᠯᠠᠭᠴᠢ ᠲᠡᠭᠦᠨ ᠤ ᠵᠠᠭᠪᠤᠷ ᠵᠢᠷᠤᠭ ᠤᠨ ᠲᠤᠬᠠᠢ ᠰᠤᠷᠪᠤᠯᠵᠢᠯᠠᠬᠤ ᠳ᠋ᠤ 《ᠬᠠᠷᠠᠬᠠᠨ ᠪᠠᠭ᠎ᠠ ᠡᠴᠡ ᠪᠠᠨ ᠲᠡᠷᠬᠡ ᠤᠨᠤᠭᠠᠨ ᠳ᠋ᠤ ᠰᠤᠨᠢᠷᠬᠠᠯ ᠲᠠᠢ᠂ ᠡᠭᠦᠨ ᠡᠴᠡ ᠪᠤᠯᠵᠤ ᠠᠦ᠋ᠲ᠋ᠤᠪᠤᠰ ᠶᠢᠡᠷ ᠵᠤᠷᠴᠢᠵᠤ᠂ ᠵᠠᠭᠪᠤᠷ ᠵᠢᠷᠤᠭ ᠵᠢᠷᠤᠬᠤ ᠬᠦᠰᠡᠯ ᠲᠠᠢ ᠪᠤᠯᠤᠭᠰᠠᠨ ᠶᠤᠮ》ᠭᠡᠯ᠎ᠡ᠃

    ᠰᠦᠨ ᠢᠦᠢ ᠵᠢᠷᠤᠭ ᠤᠨ ᠠᠫᠫᠠᠷᠠᠲ ᠶᠢᠡᠷ ᠠᠦ᠋ᠲ᠋ᠤᠪᠤᠰ ᠢ ᠵᠢᠷᠤᠭᠯᠠᠨ᠂ ᠵᠠᠭᠪᠤᠷ ᠵᠢᠷᠤᠬᠤ ᠶᠢᠨ ᠮᠠᠲ᠋ᠸᠷᠢᠶᠠᠯ ᠪᠤᠯᠭᠠᠨ᠂ ᠵᠢᠷᠭᠤᠭᠠᠨ ᠵᠢᠯ ᠳ᠋ᠦ 120 ᠪᠦᠲᠦᠭᠡᠯ ᠪᠦᠲᠦᠭᠡᠭ᠍ᠰᠡᠨ ᠪᠠᠢᠢᠲᠠᠭ᠃ ᠮᠦᠨ ᠠᠦ᠋ᠲ᠋ᠤᠪᠤᠰ ᠲᠤ ᠰᠤᠨᠢᠷᠬᠯ ᠲᠠᠢ ᠪᠠᠢᠢᠲᠠᠭ ᠲᠡᠷᠡQQ ᠶᠠᠷᠢᠯᠴᠠᠭᠠᠨ ᠤ ᠲᠠᠪᠴᠠᠩ ᠵᠡᠷᠭᠡ ᠶᠢ ᠪᠠᠢᠢᠭᠤᠯᠵᠤ᠂ ᠬᠤᠲᠠ ᠶᠢᠨ ᠢᠷᠭᠡᠳ ᠲᠠᠢ ᠬᠠᠮᠲᠤ ᠬᠦᠬᠡᠬᠤᠲᠠ ᠶᠢᠨ ᠠᠦ᠋ᠲ᠋ᠤᠪᠤᠰ ᠤᠨ ᠵᠠᠮ ᠤᠨ ᠪᠠᠢᠢᠳᠠᠯ ᠵᠡᠷᠭᠡ ᠬᠠᠮᠢᠶᠠᠲᠠᠢ ᠮᠡᠲᠡᠭᠡ ᠮᠡᠲᠡᠭᠡᠯᠡᠯ ᠤᠨ ᠲᠤᠭᠤᠷᠢᠨ ᠳ᠋ᠤ ᠦᠵᠡᠯ ᠪᠤᠲᠤᠯ ᠶᠢᠡᠨ ᠰᠤᠯᠢᠯᠴᠠᠵᠤ᠂ ᠪᠤᠯᠪᠠᠰᠤᠨ ᠬᠤᠲᠠ ᠶᠢ ᠪᠠᠢᠢᠭᠤᠯᠬᠤ ᠶᠢᠨ ᠲᠦᠯᠦᠭᠡ ᠤᠶᠤᠨ ᠤᠬᠠᠭᠠᠨ ᠬᠦᠴᠦᠨ ᠴᠢᠲᠠᠯ ᠶᠢᠡᠨ ᠰᠢᠪᠬᠠᠨ᠎ᠠ᠃

 

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠲᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120617798