蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠳ᠋ᠦ19 ᠲᠦᠮᠡᠨ ᠬᠦᠮᠦᠨ ᠠᠯᠪᠠ ᠬᠠᠭᠠᠬᠴᠢ ᠵᠢᠨ ᠰᠢᠯᠭᠠᠯᠲᠠ ᠳᠤ ᠨᠡᠷ᠎ᠠ ᠪᠦᠷᠢᠳᠭᠡᠭᠦᠯᠵᠤ ᠬᠠᠮᠤᠭ ᠤᠨ ᠬᠠᠯᠠᠮᠰᠢᠯ ᠲᠤᠰᠢᠶᠠᠯ ᠤᠨ ᠬᠠᠷᠢᠴᠠᠯ ᠨᠢ 547᠄ 1

2017-03-30 11:16

    ᠦᠪᠦᠷ ᠮᠣᠩᠭᠣᠯ ᠤᠨ ᠨᠠᠮ ᠵᠠᠰᠠᠭ ᠤᠨ ᠪᠠᠶᠢᠭᠤᠯᠤᠯᠭ᠎ᠠ ᠪᠤᠯᠤᠨ ᠠᠯᠪᠠ ᠬᠠᠭᠠᠬᠴᠢ ᠵᠢᠨ ᠬᠠᠤᠯᠢ ᠢᠢᠨ ᠬᠠᠮᠢᠶᠠᠷᠤᠯᠳᠠ ᠲᠠᠢ ᠪᠠᠶᠢᠭᠤᠯᠤᠯᠭ᠎ᠠ 2017 ᠤᠨ ᠤ ᠰᠢᠯᠭᠠᠯᠲᠠ ᠶᠢᠨ ᠠᠯᠪᠠ ᠬᠠᠭᠠᠬᠴᠢ ᠪᠤᠯᠤᠨ ᠠᠵᠢᠯᠲᠠᠨ ᠡᠯᠰᠡᠬᠦ ᠠᠵᠢᠯ ᠢ 3 ᠰᠠᠷ᠎ᠠ ᠶᠢᠨ 29 ᠤ ᠡᠳᠦᠷ ᠤᠨ 17 ᠴᠠᠭ ᠲᠤ ᠳᠠᠭᠤᠰᠬᠠᠬᠤ ᠪᠡᠷ ᠲᠤᠭᠲᠠᠭᠰᠠᠨ ᠪᠤᠯᠪᠠᠴᠤ᠂ ᠨᠡᠷ᠎ᠠ ᠪᠦᠷᠢᠳᠭᠡᠭᠦᠯᠦᠭᠰᠡᠨ ᠬᠦᠮᠦᠨ ᠢᠬᠴᠤᠷᠠᠨ ᠨᠧᠲ ᠤᠨ ᠰᠠᠭᠠᠲᠠᠯ ᠭᠠᠷᠭᠠᠬᠰᠠᠨ ᠢᠶᠡᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠬᠡᠴᠡ ᠶᠢᠨ ᠰᠢᠯᠭᠠᠯᠲᠠ ᠶᠢᠨ ᠲᠦᠪ ᠡᠴᠡ ᠮᠡᠳᠡᠭᠡ ᠨᠡᠶᠢᠲᠡᠯᠡᠵᠤ᠂ ᠨᠡᠷ᠎ᠠ ᠪᠦᠷᠢᠳᠭᠡᠭᠦᠯᠬᠦ ᠴᠠᠭ ᠢ 29 ᠤ ᠡᠳᠦᠷ ᠤᠨ 24 ᠴᠠᠭ ᠪᠤᠯᠲᠠᠯ᠎ᠠ ᠤᠷᠲᠤᠳᠬᠠᠪᠠ᠃ ᠤᠯᠠᠨ ᠳᠠᠰᠬᠠᠯᠵᠢᠭᠤᠯᠬᠤ ᠪᠠᠶᠢᠭᠤᠯᠤᠮᠵᠢ ᠶᠢᠨ ᠬᠠᠩᠭ᠋ᠠᠬᠰᠠᠨ ᠲᠤᠭ᠎ᠠ ᠪᠦᠷᠢᠳᠭᠡᠯ ᠳᠤ᠂ 29 ᠤ ᠡᠳᠦᠷ ᠤᠨ 9 ᠴᠠᠭ ᠪᠤᠯᠳᠠᠯ᠎ᠠ᠂ ᠨᠡᠷ᠎ᠠ ᠪᠦᠷᠢᠳᠭᠡᠭᠦᠯᠦᠭᠰᠡᠨ ᠬᠦᠮᠦᠨ ᠤ ᠲᠤᠭ᠎ᠠ 190705 ᠳᠤ ᠬᠦᠷᠴᠤ᠂ ᠬᠢᠨᠠᠨ ᠰᠢᠯᠭᠠᠯᠳᠠ ᠳ᠋ᠦ ᠨᠡᠢᠢᠴᠡᠭᠰᠡᠨ ᠬᠦᠮᠦᠨ 122747᠃ ᠡᠭᠦᠨ ᠳᠤ ᠬᠠᠮᠤᠭ ᠤᠨ ᠬᠠᠯᠠᠮᠰᠢᠯ ᠲᠤᠰᠢᠶᠠᠯ ᠳᠤ 1137 ᠬᠦᠮᠦᠨ ᠨᠡᠷ᠎ᠠ ᠪᠦᠷᠢᠳᠭᠡᠭᠦᠯᠵᠤ᠂ ᠬᠢᠨᠠᠨ ᠰᠢᠯᠭᠠᠯᠳᠠ ᠳ᠋ᠦ ᠨᠡᠢᠢᠴᠡᠭᠰᠡᠨ ᠬᠦᠮᠦᠨ 836᠂ ᠦᠷᠢᠰᠦᠯᠳᠦᠭᠡᠨ ᠤ ᠬᠠᠷᠢᠴᠠᠯ ᠨᠢ 547᠄ 1᠃ ᠨᠡᠶᠢᠲᠡ 6 ᠠᠯᠪᠠᠨ ᠲᠤᠰᠢᠶᠠᠯ ᠳᠤ ᠨᠡᠷ᠎ᠠ ᠪᠦᠷᠢᠳᠭᠡᠭᠦᠯᠦᠭᠰᠡᠨ ᠬᠦᠮᠦᠨ ᠦᠭᠡᠢ᠂ ᠪᠦᠬᠦ ᠪᠦᠷᠢᠳᠭᠡᠯ ᠳ᠋ᠦ ᠳᠤᠮᠳᠠᠴᠢ ᠦᠷᠢᠰᠦᠯᠳᠦᠭᠡᠨ ᠤ ᠬᠠᠷᠢᠴᠠᠯ ᠨᠢ 40᠄ 1᠃ ( ᠳᠠᠳᠤᠯᠭ᠎ᠠ ᠶᠢᠨ ᠨᠠᠶᠢᠷᠠᠭᠤᠯᠤᠭᠴᠥᠢ ᠬᠡᠤᠬᠡᠨᠰᠤᠯᠢ ᠤᠷᠴᠢᠭᠤᠯᠪᠠ)

ᠢᠷᠡᠯᠳᠡ᠄ ᠤᠮᠠᠷᠠᠲᠤ ᠶᠢᠨ ᠰᠢᠨ᠎ᠠ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120724073