蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ᠄ ᠳᠤᠮᠳᠠᠳᠤ ᠪᠠᠭ᠎ᠠ ᠰᠤᠷᠭᠠᠭᠤᠯᠢ ᠪᠤᠯᠤᠨ ᠬᠡᠤᠬᠡᠳ ᠤᠨ ᠴᠡᠴᠡᠷᠯᠢᠭ᠌᠌ ᠤᠨ ᠭᠠᠯ ᠲᠤᠭᠤᠭᠠᠨ ᠤ ᠦᠷᠦᠬᠡ ᠵᠡᠷᠬᠡ ᠳᠤ ᠺᠠᠮᠧᠷᠠ ᠤᠭᠰᠠᠷᠠᠬᠤ ᠶᠢ ᠵᠤᠷᠢᠭᠵᠢᠭᠤᠯᠤᠨ᠎ᠠ

2017-04-05 10:42

    ᠴᠠᠭ ᠠᠭᠠᠷ ᠳᠤᠯᠠᠭᠠᠷᠠᠬᠤ ᠶᠢ ᠳᠠᠭᠠᠯᠳᠤᠨ᠂ ᠰᠤᠷᠭᠠᠭᠤᠯᠢ ᠶᠢᠨ ᠬᠦᠷᠢᠶᠡᠨ ᠳᠤ ᠢᠳᠡᠬᠡᠨ ᠡᠴᠡ ᠬᠤᠤᠷᠳᠠᠭᠳᠠᠬᠤ ᠪᠠ ᠬᠠᠯᠳᠠᠪᠤᠷᠢᠲᠦ ᠡᠪᠡᠳᠴᠢᠨ ᠳᠤ ᠨᠡᠷᠪᠡᠭ᠍ᠳᠡᠬᠦ ᠴᠠᠭ ᠢᠷᠡᠵᠤ ᠪᠤᠢ᠃ ᠰᠤᠷᠭᠠᠨ ᠬᠦᠮᠦᠵᠢᠯ ᠤᠨ ᠶᠠᠮᠤᠨ ᠲᠦᠷᠦᠭᠦᠬᠡᠨ ᠮᠡᠳᠡᠭᠳᠡᠯ ᠲᠠᠷᠬᠠᠭᠠᠨ᠂ ᠡᠯ᠎ᠠ ᠭᠠᠵᠠᠷ ᠤᠷᠤᠨ ᠤ ᠬᠢᠨ ᠰᠤᠷᠭᠠᠭᠤᠯᠢ ᠪᠤᠯᠤᠨ ᠬᠡᠤᠬᠡᠳ ᠤᠨ ᠴᠡᠴᠡᠷᠯᠢᠭ᠌᠌ ᠤᠨ ᠢᠳᠡᠭᠡᠨ ᠤ ᠠᠶᠤᠯᠬᠦᠢ ᠶᠢᠨ ᠬᠠᠮᠢᠶᠠᠷᠤᠯᠲᠠ ᠪᠤᠯᠤᠨ ᠬᠠᠯᠳᠠᠪᠤᠷᠢᠲᠦ ᠡᠪᠡᠳᠴᠢᠨ ᠡᠴᠡ ᠰᠡᠷᠭᠡᠶᠢᠯᠡᠨ ᠡᠵᠡᠮᠳᠡᠬᠦ ᠠᠵᠢᠯ ᠢᠶᠠᠨ ᠴᠢᠩᠭ᠋ᠠᠳᠬᠠᠵᠤ᠂ ᠳᠤᠮᠳᠠᠳᠤ ᠰᠤᠷᠭᠠᠭᠤᠯᠢ ᠪᠤᠯᠤᠨ ᠬᠡᠤᠬᠡᠳ ᠤᠨ ᠴᠡᠴᠡᠷᠯᠢᠭ᠌᠌ ᠤᠨ ᠭᠠᠯ ᠲᠤᠭᠤᠭᠠᠨ ᠤ ᠦᠷᠦᠬᠡᠨ ᠳᠤ ᠬᠢᠨᠠᠨ ᠡᠵᠡᠮᠰᠢᠬᠦ ᠺᠠᠮᠧᠷᠠ ᠤᠭᠰᠠᠷᠠᠬᠤ ᠶᠢ ᠵᠤᠷᠢᠭᠵᠢᠭᠤᠯᠵᠤ᠂ ᠬᠤᠭᠤᠯᠠ ᠤᠮᠳᠠ ᠪᠡᠯᠡᠳᠭᠡᠬᠦ ᠶᠠᠪᠤᠴᠠ ᠶᠢ ᠴᠠᠬ ᠲᠤᠬᠠᠢ ᠳᠤᠨᠢ ᠬᠢᠨᠠᠨ ᠡᠵᠡᠮᠳᠡᠬᠦ ᠶᠢ ᠪᠡᠶᠡᠯᠡᠭᠦᠯᠵᠤ᠂ ᠬᠤᠭᠤᠯᠠ ᠤᠮᠳᠠ ᠪᠡᠯᠡᠳᠭᠡᠬᠦ ᠶᠠᠪᠤᠴᠠ ᠶᠢ ᠢᠯᠡ ᠪᠤᠯᠭᠠᠵᠤ᠂ ᠤᠬᠠᠮᠰᠠᠷ ᠠᠴᠠ ᠪᠠᠨ ᠰᠤᠷᠤᠭᠴᠢ ᠪᠤᠯᠤᠨ ᠭᠡᠷ ᠤᠨ ᠠᠬᠠᠮᠠᠳ ᠤᠨ ᠬᠢᠨᠠᠯᠲᠠ ᠶᠢ ᠬᠦᠯᠢᠶᠡᠬᠦ ᠬᠡᠷᠡᠭᠲᠡᠢ ᠭᠡᠵᠤ ᠱᠠᠭᠠᠷᠳᠠᠵᠠᠢ᠃

    ᠮᠡᠳᠡᠭᠳᠡᠯ ᠳᠤ᠂ ᠢᠳᠡᠭᠡᠨ ᠤ ᠠᠶᠤᠯᠬᠦᠢ ᠶᠢᠨ ᠠᠰᠠᠭᠤᠳᠠᠯ ᠳᠤ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠳᠦᠷᠢᠮ ᠢ ᠬᠡᠷᠡᠭᠵᠢᠭᠦᠯᠵᠤ᠂ ᠰᠤᠷᠭᠠᠭᠤᠯᠢ ᠶᠢᠨ ᠬᠦᠷᠢᠶᠡᠨ ᠳ᠋ᠡᠬᠢ ᠢᠳᠡᠭᠡᠨ ᠤ ᠠᠶᠤᠯᠬᠦᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠤ᠂ ᠢᠳᠡᠭᠡᠨ ᠤ ᠠᠶᠤᠯᠬᠦᠢ ᠶᠢᠨ ᠬᠠᠮᠢᠶᠠᠷᠤᠭᠴᠢ ᠪᠤᠯᠤᠨ ᠠᠵᠢᠯ ᠤᠨ ᠪᠠᠶᠢᠷᠢ ᠨᠢᠭᠡᠪᠦᠷᠢ ᠶᠢᠨ ᠠᠶᠤᠯᠬᠦᠢ ᠶᠢᠨ ᠬᠠᠷᠢᠭᠤᠴᠠᠯᠭ᠎ᠠ ᠶᠢ ᠳᠤᠳᠤᠷᠬᠠᠢ ᠲᠤᠭᠳᠠᠭᠠᠵᠤ᠂ ᠢᠳᠡᠭᠡᠨ ᠤ ᠠᠶᠤᠯᠬᠦᠢ ᠶᠢᠨ ᠬᠠᠷᠢᠭᠤᠴᠠᠯᠭ᠎ᠠ ᠶᠢᠨ ᠪᠢᠴᠢᠭ᠌᠌ ᠢ ᠳᠡᠰ ᠳᠡᠰ ᠢᠶᠠᠷ ᠪᠠᠶᠢᠭᠤᠯᠤᠨ ᠲᠤᠭᠳᠠᠭᠠᠬᠤ ᠬᠡᠷᠡᠭᠲᠡᠢ᠃ ᠬᠤᠭᠤᠯᠠᠨ ᠭᠡᠷ ᠤᠨ ᠬᠠᠮᠢᠶᠠᠷᠤᠯᠲᠠ ᠶᠢ ᠴᠢᠩᠭ᠋ᠠᠳᠬᠠᠵᠤ᠂ ᠲᠦᠬᠦᠬᠡᠢ ᠮᠠᠲ᠋ᠧᠷᠢᠶᠠᠯ ᠬᠤᠳᠠᠯᠳᠤᠨ ᠠᠪᠬᠤ᠂ ᠡᠳ᠋ᠰᠢᠭᠦᠯᠦᠨ ᠪᠤᠯᠪᠠᠰᠤᠷᠠᠭᠤᠯᠬᠤ᠂ ᠤᠬᠢᠶᠠᠨ ᠴᠡᠪᠡᠷᠯᠡᠵᠤ ᠬᠤᠤᠷ ᠠᠷᠢᠯᠭᠠᠬᠤ᠂ ᠶᠠᠩᠵᠤ ᠦᠯᠡᠳᠡᠭᠡᠬᠦ ᠪᠤᠯᠤᠨ ᠤᠰᠤᠨ ᠤ ᠠᠷᠢᠭᠤᠨ ᠴᠡᠪᠡᠷ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠋᠎ᠠ ᠬᠠᠮᠢᠶᠠᠷᠤᠨ ᠡᠵᠡᠮᠳᠡᠬᠦ ᠬᠡᠷᠡᠭᠲᠡᠢ᠃ ᠴᠢᠨᠠᠷ ᠪᠠᠲᠤᠯᠠᠬᠤ ᠬᠤᠭᠤᠴᠠᠭ᠎ᠠ ᠠᠴᠠ ᠬᠡᠳᠦᠷᠡᠭᠰᠡᠨ ᠪᠤᠳᠠᠭ᠎ᠠ᠂ ᠭᠤᠯᠢᠷ᠂ ᠲᠤᠰᠤ ᠵᠡᠷᠭᠡ ᠲᠦᠬᠦᠬᠡᠢ ᠮᠠᠲ᠋ᠧᠷᠢᠶᠠᠯ ᠪᠠ ᠢᠷᠡᠯᠳᠡ ᠨᠢ ᠲᠤᠳᠤᠷᠬᠠᠢ ᠦᠭᠡᠢ ᠢᠳᠡᠭᠡᠨ ᠢ ᠬᠤᠳᠠᠯᠳᠤᠨ ᠠᠪᠬᠤ ᠪᠤᠶᠤ ᠬᠡᠷᠡᠭᠯᠡᠬᠦ ᠶᠢ ᠬᠢᠵᠠᠭᠠᠷᠯᠠᠬᠤ ᠬᠡᠷᠡᠭᠳᠡᠢ ᠭᠡᠵᠤ ᠴᠢᠬᠤᠯᠠᠴᠢᠯᠠᠵᠠᠢ᠃

    ᠰᠤᠷᠭᠠᠭᠤᠯᠢ ᠶᠢᠨ ᠬᠦᠷᠢᠶᠡᠨ ᠳ᠋ᠡᠬᠢ ᠬᠠᠯᠳᠠᠪᠤᠷᠢᠲᠦ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠳᠤ ᠴᠢᠭᠯᠡᠭᠦᠯᠦᠨ᠂ ᠮᠡᠳᠡᠭᠳᠡᠯ ᠳᠤ᠂ ᠰᠤᠷᠭᠠᠭᠤᠯᠢ ᠤᠨᠴᠠᠭᠠᠢᠢᠯᠠᠨ ᠳᠤᠮᠳᠠᠳᠤ ᠪᠠᠭ᠎ᠠ ᠰᠤᠷᠭᠠᠭᠤᠯᠢ ᠪᠤᠯᠤᠨ ᠬᠡᠤᠬᠡᠳ ᠤᠨ ᠴᠡᠴᠡᠷᠯᠢᠭ᠌᠌ ᠤᠨ ᠦᠷᠯᠦᠭᠡᠨ ᠤ ᠪᠠᠶᠢᠴᠠᠭᠠᠯᠲᠠ᠂ ᠡᠪᠡᠳᠴᠢᠨ ᠠᠴᠠ ᠪᠤᠯᠵᠤ ᠰᠠᠭᠠᠳᠠᠭᠰᠠᠳ ᠤᠨ ᠡᠪᠡᠳᠴᠢᠨ ᠤ ᠰᠢᠯᠲᠠᠭᠠᠨ ᠢ ᠮᠦᠷᠳᠡᠨ ᠪᠠᠶᠢᠴᠠᠭᠠᠬᠤ ᠪᠦᠭᠡᠳ ᠳᠠᠩᠰᠠᠯᠠᠬᠤ ᠳᠦᠷᠢᠮ ᠢ ᠦᠨᠡᠨᠬᠦ ᠨᠠᠶᠢᠳᠠᠪᠤᠷᠢᠵᠢᠭᠤᠯᠵᠤ᠂ ᠬᠠᠯᠳᠠᠪᠤᠷᠢᠲᠦ ᠡᠪᠡᠳᠴᠢᠨ ᠤ ᠪᠠᠶᠢᠳᠠᠯ ᠢ ᠡᠷᠳᠡ ᠢᠯᠡᠷᠡᠭᠦᠯᠵᠤ᠂ ᠡᠷᠳᠡ ᠮᠡᠳᠡᠭᠦᠯᠵᠤ᠂ ᠡᠷᠳᠡ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠤ ᠳᠤᠷᠠᠳᠪᠠ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120691120752682