蒙古文网站Logo
ᠰᠢᠨᠬᠤᠸᠠ ᠮᠤᠩᠭ᠋ᠤᠯ ᠨᠧᠲ

2020 ᠤᠨ ᠪᠤᠯᠲᠠᠯ᠎ᠠ ᠤᠯᠤᠰ ᠲᠠᠶᠠᠭᠠᠷ ᠤᠨ ᠬᠡᠪᠴᠢᠶᠠᠨ ᠳ᠋ᠤ ᠦᠨᠳᠦᠷ ᠵᠡᠷᠭᠡ ᠶᠢᠨ ᠰᠤᠷᠭᠠᠨ ᠬᠦᠮᠦᠵᠢᠯ ᠢ ᠲᠦᠭᠡᠮᠡᠯᠵᠢᠬᠦᠯᠦᠨ᠎ᠡ

2017-04-07 11:22

    ᠰᠢᠨᠬᠤᠸᠠ ᠬᠤᠷᠢᠶ᠎ᠠ   ᠪᠡᠭᠡᠵᠢᠩ ᠤᠨ 4 ᠰᠠᠷ᠎ᠠ ᠶᠢᠨ 6 ᠤ ᠡᠲᠦᠷ ᠤᠨ ᠴᠠᠬᠢᠯᠭᠠᠨ ᠮᠡᠲᠡᠭᠡ ( ᠬᠤ ᠬᠤᠤ᠂ ᠶᠠᠩ ᠴᠦᠨ ) ᠰᠤᠷᠭᠠᠨ ᠬᠦᠮᠦᠵᠢᠯ ᠤᠨ ᠶᠠᠮᠤᠨ 2020 ᠤᠨ ᠪᠤᠯᠲᠠᠯ᠎ᠠ ᠤᠯᠤᠰ ᠲᠠᠶᠠᠭᠠᠷ ᠤᠨ ᠬᠡᠪᠴᠢᠶᠠᠨ ᠳ᠋ᠤ ᠦᠨᠳᠦᠷ ᠵᠡᠷᠭᠡ ᠶᠢᠨ ᠰᠤᠷᠭᠠᠨ ᠬᠦᠮᠦᠵᠢᠯ ᠢ ᠲᠦᠭᠡᠮᠡᠯᠵᠢᠬᠦᠯᠦᠨ᠂ ᠠᠩᠬ᠎ᠠ ᠲᠤᠮᠲᠠᠲᠤ ᠲᠡᠭᠦᠰᠦᠭᠰᠡᠨ ᠰᠤᠷᠤᠭᠴᠢᠳ ᠲᠤ ᠴᠢᠨᠠᠷ ᠰᠠᠢᠢᠲᠠᠢ ᠦᠨᠳᠦᠷ ᠲᠤᠮᠲᠠᠲᠤ ᠶᠢᠨ ᠱᠠᠲᠤᠨ ᠤ ᠰᠤᠷᠭᠠᠨ ᠬᠦᠮᠦᠵᠢᠯ ᠬᠦᠷᠲᠡᠭᠡᠬᠦ ᠪᠤᠯᠤᠨ᠎ᠠ᠃

    ᠰᠤᠷᠭᠠᠨ ᠬᠦᠮᠦᠵᠢᠯ ᠤᠨ ᠶᠠᠮᠤᠨ ᠤ ᠰᠠᠭᠤᠷᠢ ᠰᠤᠷᠭᠠᠨ ᠬᠦᠮᠦᠵᠢᠯ ᠤᠨ ᠵᠤᠷᠭᠠᠨ ᠤ ᠲᠠᠷᠤᠭ᠎ᠠ ᠯᠢᠦᠢ ᠢᠦᠢ ᠭᠠᠩ ᠤᠨ ᠲᠠᠨᠢᠯᠴᠠᠭᠤᠯᠤᠭᠰᠠᠨ ᠶᠢᠡᠷ᠂ ᠰᠡᠬᠦᠯ ᠤᠨ ᠦᠶ᠎ᠠ ᠳ᠋ᠤ ᠮᠠᠨ ᠤ ᠤᠯᠤᠰ ᠤᠨ ᠦᠨᠳᠦᠷ ᠲᠤᠮᠲᠠᠲᠤ ᠶᠢᠨ ᠰᠤᠷᠭᠠᠨ ᠬᠦᠮᠦᠵᠢᠯ ᠬᠦᠭ᠍ᠵᠢᠯᠲᠠ ᠶᠢᠨ ᠵᠠᠢ ᠪᠠᠨ ᠤᠯᠪᠠ᠂ ᠭᠡᠪᠡᠴᠦ ᠲᠤᠮᠲᠠ ᠪᠠᠷᠠᠭᠤᠨ ᠬᠡᠰᠡᠭ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠲᠤᠲᠠᠮᠠᠭ᠂ ᠲᠦᠭᠡᠮᠡᠯᠵᠢᠬᠦᠯᠦᠯᠲᠡ ᠶᠢᠨ ᠬᠡᠮᠵᠢᠶ᠎ᠠ ᠲᠤᠤᠷ᠎ᠠ᠂ ᠲᠤᠮᠲᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠭ᠍ᠵᠢᠯᠲᠠ ᠬᠤᠵᠢᠭᠤ ᠵᠡᠷᠭᠡ ᠠᠰᠠᠭᠤᠲᠠᠯ ᠤᠷᠤᠰᠢᠵᠤ ᠪᠠᠢᠢᠬᠤ ᠶᠢᠨ ᠬᠠᠮᠲᠤ ᠵᠡᠬᠦᠨ ᠬᠡᠰᠡᠭ ᠤᠨ ᠡᠳ᠋ ᠤᠨ ᠵᠠᠰᠠᠭ ᠬᠦᠭ᠍ᠵᠢᠭᠰᠡᠨ ᠤᠷᠤᠨ ᠳ᠋ᠤ ᠦᠨᠳᠦᠷ ᠵᠡᠷᠭᠡ ᠶᠢᠨ ᠰᠤᠷᠭᠠᠨ ᠬᠦᠮᠦᠵᠢᠯ ᠪᠠ ᠲᠤᠮᠲᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠭ᠍ᠵᠢᠯᠲᠠ ᠲᠡᠩᠴᠡᠭᠦᠷᠢᠰᠢᠯ ᠦᠭᠡᠢ ᠵᠡᠷᠭᠡ ᠠᠰᠠᠭᠤᠲᠠᠯ ᠤᠷᠤᠰᠢᠵᠤ ᠪᠠᠢᠢᠨ᠎ᠠ ᠭᠡᠵᠡᠢ᠃

    2020 ᠤᠨ ᠪᠤᠯᠲᠠᠯ᠎ᠠ ᠤᠯᠤᠰ ᠲᠠᠶᠠᠭᠠᠷ ᠤᠨ ᠡᠯ᠎ᠡ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠰᠤᠷᠭᠠᠭᠤᠯᠢ ᠳ᠋ᠤ ᠤᠷᠤᠭᠰᠠᠨ ᠨᠤᠷᠮ᠎ᠠ ᠶᠢ 90ᠡᠴᠡ ᠲᠡᠭᠡᠭ᠍ᠰᠢ ᠬᠦᠷᠭᠡᠵᠦ᠂ ᠲᠤᠮᠲᠠ ᠪᠠᠷᠠᠭᠤᠨ ᠤᠷᠤᠨ ᠤ ᠶᠠᠲᠠᠭᠤ ᠬᠦᠴᠢᠷᠲᠡᠯᠲᠡᠢ ᠤᠷᠤᠨ ᠤ ᠰᠤᠷᠤᠭᠴᠢᠳ ᠤᠨ ᠰᠤᠷᠭᠠᠭᠤᠯᠢ ᠳ᠋ᠤ ᠤᠷᠤᠬᠤ ᠨᠤᠷᠮ᠎ᠠ ᠶᠢ ᠮᠡᠲᠡᠭᠲᠡᠮ᠎ᠡ ᠲᠡᠭᠡᠭ᠍ᠰᠢᠯᠡᠬᠦᠯᠦᠨ᠎ᠡ ; ᠦᠨᠳᠦᠷ ᠲᠤᠮᠲᠠᠲᠤ ᠪᠠ ᠲᠤᠮᠲᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠪᠦᠲᠦᠴᠡ ᠶᠢ ᠨᠡᠩ ᠲᠤᠬᠢᠷᠠᠮᠵᠢᠲᠠᠢ ᠪᠠᠢᠢᠯᠭᠠᠨ᠎ᠠ ; ᠰᠤᠷᠭᠠᠭᠤᠯᠢ ᠡᠷᠬᠢᠯᠡᠬᠦ ᠨᠦᠬᠦᠴᠡᠯ ᠢ ᠰᠠᠢᠢᠵᠢᠷᠠᠭᠤᠯᠵᠤ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠨᠳᠦᠰᠦᠨ ᠬᠡᠷᠡᠭᠴᠡᠭᠡ ᠶᠢ ᠬᠠᠩᠭ᠋ᠠᠨ᠎ᠠ ; ᠬᠦᠷᠦᠩᠭᠡ ᠤᠷᠤᠭᠤᠯᠤᠯᠲᠠ ᠪᠠᠨ ᠲᠡᠭᠦᠯᠲᠡᠷᠵᠢᠬᠦᠯᠦᠨ᠎ᠠ ; ᠢᠯᠡ ᠲᠤᠲᠤ ᠤᠨᠴᠠᠯᠢᠭ ᠪᠦᠬᠦᠢ᠂ ᠴᠢᠨᠠᠷ ᠰᠠᠢᠢᠲᠠᠢ ᠰᠤᠷᠭᠠᠨ ᠬᠦᠮᠦᠵᠢᠯ ᠡᠷᠬᠢᠯᠡᠨ᠎ᠡ ᠭᠡᠵᠦ ᠯᠢᠦᠢ ᠢᠦᠢ ᠭᠠᠩ ᠶᠠᠷᠢᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120767947