蒙古文网站Logo
ᠰᠢᠨᠬᠤᠸᠠ ᠮᠤᠩᠭ᠋ᠤᠯ ᠨᠧᠲ

《ᠵᠦ ᠺᠸ ᠵᠸᠨ ᠤ ᠡᠲᠦᠷ ᠤᠨ ᠲᠡᠮᠲᠡᠭᠯᠡᠯ》 ᠤᠨ ᠤᠭ ᠬᠠᠭᠤᠯᠪᠤᠷᠢ ᠶᠢ ᠵᠸᠵᠢᠶᠠᠩ ᠶᠡᠬᠡ ᠰᠤᠷᠭᠠᠭᠤᠯᠢ ᠳ᠋ᠤ ᠪᠡᠯᠡᠭᠯᠡᠪᠡ

2017-04-10 11:41

    ᠰᠢᠨᠬᠤᠸᠠ ᠬᠤᠷᠢᠶ᠎ᠠ   ᠬᠠᠩᠵᠸᠦ ᠶᠢᠨ 4 ᠰᠠᠷ᠎ᠠ ᠶᠢᠨ 9 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠰᠢᠦᠢ ᠵᠢᠩ ᠵᠢᠩ ) ᠰᠤᠷᠪᠤᠯᠵᠢᠯᠠᠭᠴᠢ ᠵᠸᠵᠢᠶᠠᠩ ᠶᠡᠬᠡ ᠰᠤᠷᠭᠠᠭᠤᠯᠢ ᠡᠴᠡ ᠤᠢᠢᠯᠠᠭᠠᠭᠰᠠᠨ ᠶᠢᠡᠷ᠂ ᠰᠡᠬᠦᠯ ᠤᠨ ᠦᠶ᠎ᠠ ᠳ᠋ᠤ ᠵᠦ ᠺᠸ ᠵᠸᠨ ᠤ ᠭᠡᠷ ᠤᠨ ᠬᠦᠮᠦᠰ ᠵᠦ ᠺᠸ ᠵᠸᠨ ᠤ ᠡᠲᠦᠷ ᠤᠨ ᠲᠡᠮᠲᠡᠭᠯᠡᠯ ᠤᠨ ᠤᠭ ᠬᠠᠭᠤᠯᠪᠤᠷᠢ ᠶᠢ ᠪᠦᠬᠦᠨ ᠢ ᠵᠸᠵᠢᠶᠠᠩ ᠶᠡᠬᠡ ᠰᠤᠷᠭᠠᠭᠤᠯᠢ ᠶᠢᠨ ᠲᠠᠩᠰᠠ ᠡᠪᠬᠡᠮᠡᠯ ᠤᠨ ᠭᠠᠵᠠᠷ ᠬᠠᠨᠳᠢᠪᠯᠠᠪᠠ᠂ ᠬᠠᠨᠳᠢᠪᠯᠠᠬᠤ ᠶᠤᠰᠤᠯᠠᠯ ᠢ 5 ᠰᠠᠷ᠎ᠠ ᠶᠢᠨ ᠦᠶ᠎ᠠ ᠪᠡᠷ ᠶᠠᠪᠤᠭᠲᠠᠬᠤ ᠪᠡᠷ ᠪᠠᠢᠢᠬᠤ ᠰᠤᠷᠭᠠᠭᠤᠯᠢ ᠪᠠᠢᠢᠭᠤᠯᠤᠭᠲᠠᠭᠰᠠᠨ 120 ᠵᠢᠯ ᠤᠨ ᠤᠢ ᠶᠢ ᠲᠡᠮᠲᠡᠭᠯᠡᠬᠦ ᠠᠵᠢᠯᠯᠠᠭ᠎ᠠ ᠲᠡᠢ ᠵᠡᠷᠭᠡ ᠶᠠᠪᠤᠭᠲᠠᠭᠤᠯᠤᠨ᠎ᠠ᠃

    ᠵᠦ ᠺᠸ ᠵᠸᠨ ᠪᠤᠯ ᠲᠤᠮᠲᠠᠲᠤ ᠤᠯᠤᠰ ᠤᠨ ᠤᠢᠢᠷ᠎ᠠ ᠦᠶ᠎ᠠ ᠶᠢᠨ ᠴᠠᠭ ᠠᠭᠠᠷ ᠤᠨ ᠮᠡᠷᠭᠡᠵᠢᠯᠲᠡᠨ᠂ ᠭᠠᠵᠠᠷ ᠵᠦᠢ ᠶᠢᠨ ᠮᠡᠷᠭᠡᠵᠢᠯᠲᠡᠨ᠂ ᠰᠤᠷᠭᠠᠨ ᠬᠦᠮᠦᠵᠢᠯᠲᠡᠨ᠃ ᠲᠡᠷᠡᠪᠡᠷ 1936 ᠤᠨ ᠳ᠋ᠤ ᠵᠸᠵᠢᠶᠠᠩ ᠶᠡᠬᠡ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠳ᠋ᠤ ᠭᠠᠷᠤᠭᠰᠠᠨ ᠤ ᠲᠠᠷᠠᠭ᠎ᠠ᠂ 《ᠵᠦᠪ ᠢ ᠡᠷᠢᠬᠦᠢ》 ᠰᠤᠷᠭᠠᠭᠤᠯᠢ ᠶᠢᠨ ᠰᠤᠷᠲᠠᠯ ᠢ ᠡᠷᠬᠢᠮᠯᠡᠵᠦ᠂ ᠶᠡᠬᠡ ᠰᠤᠷᠭᠠᠭᠤᠯᠢ《 ᠤᠯᠤᠰ ᠤᠷᠤᠨ ᠳ᠋ᠤ ᠬᠦᠴᠦᠨ ᠴᠢᠲᠠᠯ ᠶᠢᠡᠨ ᠡᠷᠬᠦᠬᠦ ᠶᠢ ᠦᠪᠡᠷ ᠤᠨ ᠬᠡᠷᠡᠭ ᠪᠤᠯᠭᠠᠬᠤ ᠴᠢᠲᠠᠪᠤᠷᠢᠲᠠᠨ  ᠬᠦᠮᠦᠵᠢᠬᠦᠯᠬᠦ》ᠬᠠᠷᠠᠯᠲᠠ ᠲᠠᠢ ᠪᠠᠢᠢᠬᠤ ᠶᠢ ᠲᠤᠲᠤᠷᠬᠠᠢ ᠲᠤᠷᠠᠳᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120780907