蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠤᠨ ᠠᠩᠬᠠᠲᠠᠭᠴᠢ ᠤᠯᠠᠨ ᠤᠯᠤᠰ ᠤᠨ ᠵᠤᠬᠢᠶᠠᠨ ᠪᠠᠢᠢᠭᠤᠯᠤᠯᠲᠠ ᠶᠢᠨ ᠲᠡᠭᠡᠳᠦ ᠰᠤᠷᠭᠠᠭᠤᠯᠢ ᠪᠡᠭᠡᠵᠢᠩ ᠤᠨ ᠭᠠᠲᠠᠭᠠᠲᠤ ᠬᠡᠯᠡᠨ ᠤ ᠶᠡᠬᠡ ᠰᠤᠷᠭᠠᠭᠤᠯᠢ ᠳ᠋ᠤ ᠪᠠᠢᠢᠭᠤᠯᠤᠭᠲᠠᠪᠠ

2017-04-10 11:43

    ᠰᠢᠨᠬᠤᠸᠠ ᠬᠤᠷᠢᠶ᠎ᠠ   ᠪᠡᠭᠡᠵᠢᠩ ᠤᠨ 4 ᠰᠠᠷ᠎ᠠ ᠶᠢᠨ 9 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠸᠢ ᠮᠸᠩ ᠵᠢᠶᠠ ) 9 ᠤ ᠡᠲᠦᠷ᠂ ᠪᠡᠭᠡᠵᠢᠩ ᠤᠨ ᠭᠠᠲᠠᠭᠠᠲᠤ ᠬᠡᠯᠡᠨ ᠤ ᠶᠡᠬᠡ ᠰᠤᠷᠭᠠᠭᠤᠯᠢ ᠶᠢᠨ ᠤᠯᠠᠨ ᠤᠯᠤᠰ ᠤᠨ ᠵᠤᠬᠢᠶᠠᠨ ᠪᠠᠢᠢᠭᠤᠯᠤᠯᠲᠠ ᠶᠢᠨ ᠲᠡᠭᠡᠳᠦ ᠰᠤᠷᠭᠠᠭᠤᠯᠢ ᠪᠡᠭᠡᠵᠢᠩ ᠳ᠋ᠤ ᠪᠠᠢᠢᠭᠤᠯᠤᠭᠲᠠᠪᠠ᠃ ᠤᠢᠢᠯᠠᠭᠠᠭᠰᠠᠨ ᠶᠢᠡᠷ᠂ ᠲᠤᠰ ᠰᠤᠷᠭᠠᠭᠤᠯᠢ ᠨᠢ ᠤᠯᠠᠨ ᠤᠯᠤᠰ ᠤᠨ ᠵᠤᠬᠢᠶᠠᠨ ᠪᠠᠢᠢᠭᠤᠯᠤᠯᠲᠠ ᠳ᠋ᠤ ᠴᠢᠲᠠᠪᠤᠷᠢᠲᠠᠨ ᠬᠦᠮᠦᠵᠢᠬᠦᠯᠬᠦ ᠪᠡᠷ ᠵᠤᠷᠢᠯᠲᠠ ᠪᠤᠯᠭᠠᠭᠰᠠᠨ ᠪᠠᠢᠢᠲᠠᠭ᠃

    ᠤᠯᠠᠨ ᠤᠯᠤᠰ ᠤᠨ ᠵᠤᠬᠢᠶᠠᠨ ᠪᠠᠢᠢᠭᠤᠯᠤᠯᠲᠠ ᠶᠢᠨ ᠲᠡᠭᠡᠳᠦ ᠰᠤᠷᠭᠠᠭᠤᠯᠢ ᠵᠢᠭᠠᠨ ᠰᠤᠷᠭᠠᠯᠲᠠ ᠶᠢᠨ ᠶᠠᠪᠤᠴᠠ ᠳ᠋ᠤ ᠲᠡᠭᠡᠳᠦ ᠰᠤᠷᠭᠠᠭᠤᠯᠢ ᠪᠤᠶᠤ ᠰᠠᠯᠪᠤᠷᠢ ᠠᠯᠤᠰᠯᠠᠭᠰᠠᠨ᠂ ᠰᠢᠨᠵᠢᠯᠡᠭᠡᠨ ᠤ ᠲᠦᠷᠦᠯ ᠠᠯᠤᠰᠯᠠᠭᠰᠠᠨ᠂ ᠤᠯᠠᠨ ᠤᠯᠤᠰᠴᠢᠯᠠᠭᠰᠠᠨ ᠬᠢᠴᠢᠶᠠᠯ ᠤᠨ ᠲᠠᠪᠴᠠᠩ ᠢ ᠪᠠᠢᠢᠭᠤᠯᠵᠤ᠂ ᠰᠤᠷᠤᠭᠴᠢᠳ ᠲᠤ ᠤᠯᠠᠨ ᠤᠯᠤᠰ ᠤᠨ ᠬᠠᠦᠯᠢ᠂ ᠤᠯᠠᠨ ᠤᠯᠤᠰ ᠤᠨ ᠤᠯᠤᠰ ᠲᠦᠷᠦ ᠪᠠ ᠤᠯᠠᠨ ᠤᠯᠤᠰ ᠤᠨ ᠬᠤᠭᠤᠷᠤᠨᠲᠤᠬᠢ ᠬᠠᠷᠢᠴᠠᠭ᠎ᠠ᠂ ᠤᠯᠠᠨ ᠤᠯᠤᠰ ᠤᠨ ᠡᠳ᠋ ᠤᠨ ᠵᠠᠰᠠᠭ ᠪᠤᠯᠤᠨ ᠮᠦᠩᠬᠦᠨ ᠭᠦᠢᠯᠭᠡᠭᠡᠨ ᠤ ᠬᠠᠮᠢᠶᠠᠲᠠᠢ ᠮᠡᠲᠡᠯᠭᠡ ᠮᠡᠷᠭᠡᠵᠢᠯ ᠢ ᠡᠵᠡᠮᠰᠢᠬᠦᠯᠬᠦ ᠪᠤᠯᠤᠨ᠎ᠠ᠃ ᠲᠤᠰ ᠲᠠᠭᠠᠨ ᠰᠤᠷᠤᠭᠴᠢ ᠡᠯᠰᠡᠵᠦ᠂ ᠪᠤᠯᠪᠠᠰᠤᠷᠠᠯ ᠤᠨ ᠲᠤᠭᠲᠠᠯᠴᠠᠭ᠎ᠠ ᠬᠠᠷᠢᠮᠠᠬᠠᠢ᠂ ᠬᠠᠨᠲᠤᠯᠭ᠎ᠠ ᠲᠠᠢ ᠬᠦᠮᠦᠵᠢᠬᠦᠯᠬᠦ ᠲᠦᠰᠦᠯ᠂ ᠲᠤᠮᠲᠠᠲᠤ ᠭᠠᠲᠠᠭᠠᠲᠤ ᠶᠢᠨ ᠬᠤᠤᠰ ᠰᠤᠷᠤᠯᠭ᠎ᠠ ᠶᠢᠨ ᠨᠠᠮᠲᠠᠷ᠂ ᠤᠯᠠᠨ ᠤᠯᠤᠰ ᠤᠨ ᠵᠤᠬᠢᠶᠠᠨ ᠪᠠᠢᠢᠭᠤᠯᠤᠯᠲᠠ ᠳ᠋ᠤ ᠬᠦᠷᠴᠦ ᠲᠠᠲᠤᠯᠭ᠎ᠠ ᠳ᠋ᠤ ᠤᠷᠤᠯᠴᠠᠬᠤ ᠵᠡᠷᠭᠡ ᠪᠡᠷ ᠶᠢᠡᠨ ᠤᠨᠴᠠᠯᠠᠭᠲᠠᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120780920