蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠡᠩ ᠤᠨ ᠶᠡᠬᠡ ᠳᠡᠭᠡᠳᠦ ᠰᠤᠷᠭᠠᠭᠤᠯᠢ ᠶᠢᠨ ᠲᠠᠮᠢᠷ ᠤᠨ ᠮᠡᠷᠬᠡᠵᠢᠯ ᠢᠶᠡᠷ ᠲᠤᠰᠬᠠᠢ ᠰᠤᠷᠤᠭᠴᠢ ᠡᠯᠰᠡᠬᠦ ᠰᠤᠶᠤᠯ ᠤᠨ ᠰᠢᠯᠭᠠᠯᠲᠠ ᠤᠳᠠᠬᠤ ᠦᠬᠡᠢ ᠶᠠᠪᠤᠭᠳᠠᠨ᠎ᠠ

2017-04-12 10:34

    ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠤᠨ ᠠᠯᠪᠠᠨ ᠤ ᠸᠢᠴᠠᠲ ᠤᠨ ᠮᠡᠳᠡᠭᠡ ᠶᠢ ᠦᠨᠳᠦᠰᠦᠯᠡᠪᠡᠯ᠂ 2017 ᠤᠨ ᠤ ᠡᠩ ᠤᠨ ᠶᠡᠬᠡ ᠳᠡᠭᠡᠳᠦ ᠰᠤᠷᠭᠠᠭᠤᠯᠢ ᠶᠢᠨ ᠲᠠᠮᠢᠷ ᠤᠨ ᠬᠦᠳᠡᠯᠭᠡᠭᠡᠨ ᠤ ᠪᠤᠯᠪᠠᠰᠤᠷᠠᠯ᠂ ᠵᠡᠪᠰᠡᠭ ᠤᠨ ᠡᠷᠳᠡᠮ ᠪᠠ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠲᠤᠰᠬᠠᠢ ᠮᠡᠷᠭᠡᠵᠢᠯ ᠢᠶᠡᠷ ᠰᠤᠷᠤᠭᠴᠢ ᠡᠯᠰᠡᠬᠦ (ᠲᠦᠭᠦᠮᠴᠢᠯᠡᠬᠡᠳ ᠲᠤᠰᠬᠠᠢ ᠰᠤᠷᠤᠭᠴᠢ ᠡᠯᠰᠡᠬᠦ ᠰᠢᠯᠭᠠᠯᠲᠠ ᠬᠡᠨ᠎ᠡ) ᠰᠤᠶᠤᠯ ᠤᠨ ᠰᠢᠯᠭᠠᠯᠲᠠ 4 ᠰᠠᠷ᠎ᠠ ᠶᠢᠨ 22 ᠪᠠ 23 ᠤ ᠡᠳᠦᠷ ᠶᠠᠪᠤᠭᠳᠠᠬᠤ ᠪᠡᠷ ᠪᠠᠶᠢᠨ᠎ᠠ᠃

    ᠲᠤᠰ ᠤᠳᠠᠭᠠᠨ ᠤ ᠲᠠᠮᠢᠷ ᠤᠨ ᠲᠤᠰᠬᠠᠢ ᠰᠤᠷᠤᠭᠴᠢ ᠡᠯᠰᠡᠬᠦ ᠰᠢᠯᠭᠠᠯᠲᠠ ᠶᠢ ᠪᠤᠭᠤᠲᠤ ᠬᠤᠲᠠ ᠶᠢᠨ ᠳᠦᠴᠢᠨ ᠲᠠᠪᠤᠳᠤᠭᠠᠷ ᠳᠤᠮᠳᠠᠳᠤ ᠰᠤᠷᠭᠠᠭᠤᠯᠢ ᠪᠤᠯᠤᠨ ᠤᠯᠠᠭᠠᠨᠬᠠᠳᠠ ᠬᠤᠲᠠ ᠶᠢᠨ ᠭᠤᠷᠪᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠳᠤᠬᠢᠷᠠᠭᠤᠯᠵᠠᠢ᠃ ᠬᠦᠬᠡᠬᠤᠲᠠ᠂ ᠪᠤᠭᠤᠲᠤ᠂ ᠤᠷᠳᠤᠰ᠂ ᠦᠬᠠᠢ᠂ ᠪᠠᠶᠠᠨᠨᠠᠭᠤᠷ᠂ ᠠᠯᠠᠱᠠ᠂ ᠤᠯᠠᠭᠠᠨᠴᠠᠪ ᠪᠠ ᠰᠢᠯᠢ ᠶᠢᠨ ᠭᠤᠤᠯ ᠠᠶᠢᠮᠠᠭ ᠡᠴᠡ ᠰᠢᠯᠭᠠᠭᠤᠯᠤᠭᠴᠢᠳ ᠪᠤᠭᠤᠲᠤ ᠬᠤᠲᠠ ᠶᠢᠨ ᠳᠦᠴᠢᠨ ᠲᠠᠪᠤᠳᠤᠭᠠᠷ ᠳᠤᠮᠳᠠᠳᠤ ᠰᠤᠷᠭᠠᠭᠤᠯᠢ ᠳᠤ ᠳᠤᠬᠢᠷᠠᠭᠤᠯᠤᠭᠰᠠᠨ ᠰᠢᠯᠭᠠᠯᠲᠠ ᠶᠢᠨ ᠴᠡᠭ ᠲᠦ ᠬᠦᠷᠴᠤ ᠰᠢᠯᠭᠠᠭᠤᠯᠤᠨ᠎ᠠ᠃ ᠲᠤᠩᠯᠢᠶᠤᠤ᠂ ᠤᠯᠠᠭᠠᠨᠬᠠᠳᠠ᠂ ᠬᠦᠯᠦᠨ ᠪᠤᠶᠢᠷ᠂ ᠬᠢᠩᠭᠠᠨ ᠠᠶᠢᠮᠠᠭ ᠡᠴᠡ ᠰᠢᠯᠭᠠᠭᠤᠯᠤᠭᠴᠢᠳ ᠤᠯᠠᠭᠠᠨᠬᠠᠳᠠ ᠬᠤᠲᠠ ᠶᠢᠨ ᠭᠤᠷᠪᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠳᠤᠬᠢᠷᠠᠭᠤᠯᠤᠭᠰᠠᠨ ᠰᠢᠯᠭᠠᠯᠲᠠ ᠶᠢᠨ ᠴᠡᠭ ᠲᠦ ᠬᠦᠷᠴᠤ ᠰᠢᠯᠭᠠᠭᠤᠯᠤᠨ᠎ᠠ᠃

    ᠳᠤᠬᠠᠢ ᠶᠢᠨ ᠦᠶ᠎ᠡ ᠳᠤ᠂ ᠰᠢᠯᠭᠠᠭᠤᠯᠤᠭᠴᠢᠳ ᠪᠡᠶ᠎ᠡ ᠶᠢᠨ ᠦᠨᠡᠮᠯᠡᠯ᠂ 《ᠲᠠᠮᠢᠷ ᠤᠨ ᠬᠦᠳᠡᠯᠭᠡᠭᠡᠨ ᠤ ᠪᠤᠯᠪᠠᠰᠤᠷᠠᠯ᠂ ᠵᠡᠪᠰᠡᠭ ᠤᠨ ᠡᠷᠳᠡᠮ ᠪᠠ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠲᠤᠰᠬᠠᠢ ᠮᠡᠷᠭᠡᠵᠢᠯ ᠤᠨ ᠰᠤᠷᠤᠭᠴᠢ ᠡᠯᠰᠡᠬᠦ ᠰᠤᠶᠤᠯ ᠤᠨ ᠰᠢᠯᠭᠠᠯᠲᠠ ᠤᠨ ᠰᠢᠯᠭᠠᠭᠤᠯᠬᠤ ᠦᠨᠡᠮᠯᠡᠯ》᠂《ᠲᠠᠮᠢᠷ ᠤᠨ ᠬᠦᠳᠡᠯᠭᠡᠭᠡᠨ ᠤ ᠪᠤᠯᠪᠠᠰᠤᠷᠠᠯ᠂ ᠵᠡᠪᠰᠡᠭ ᠤᠨ ᠡᠷᠳᠡᠮ ᠪᠠ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠲᠤᠰᠬᠠᠢ ᠮᠡᠷᠭᠡᠵᠢᠯ ᠤᠨ ᠰᠤᠷᠤᠭᠴᠢ ᠡᠯᠰᠡᠬᠦ ᠰᠤᠶᠤᠯ ᠤᠨ ᠰᠢᠯᠭᠠᠯᠲᠠ ᠤᠨ ᠮᠡᠳᠡᠭᠳᠡᠯ ᠤᠨ ᠪᠢᠴᠢᠭ᠌》 ᠢᠶᠡᠨ ᠠᠪᠴᠤ ᠰᠢᠯᠭᠠᠯᠲᠠ ᠳᠦ ᠤᠷᠤᠨ᠎ᠠ᠃ ᠡᠭᠦᠨ ᠳᠤ᠂ 《ᠲᠠᠮᠢᠷ ᠤᠨ ᠬᠦᠳᠡᠯᠭᠡᠭᠡᠨ ᠤ ᠪᠤᠯᠪᠠᠰᠤᠷᠠᠯ᠂ ᠵᠡᠪᠰᠡᠭ ᠤᠨ ᠡᠷᠳᠡᠮ ᠪᠠ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠲᠤᠰᠬᠠᠢ ᠮᠡᠷᠭᠡᠵᠢᠯ ᠤᠨ ᠰᠤᠷᠤᠭᠴᠢ ᠡᠯᠰᠡᠬᠦ ᠰᠤᠶᠤᠯ ᠤᠨ ᠰᠢᠯᠭᠠᠯᠲᠠ ᠤᠨ ᠰᠢᠯᠭᠠᠭᠤᠯᠬᠤ ᠦᠨᠡᠮᠯᠡᠯ》 ᠢ᠋ ᠰᠢᠯᠭᠠᠭᠤᠯᠤᠭᠴᠢ 4 ᠰᠠᠷ᠎ᠠ ᠶᠢᠨ 15 -22 ᠤᠨ ᠡᠳᠦᠷ ᠪᠤᠯᠲᠠᠯ᠎ᠠ ᠳᠤᠮᠳᠠᠳᠤ ᠤᠯᠤᠰ ᠤᠨ ᠲᠠᠮᠢᠷᠴᠢᠨ ᠤ ᠰᠤᠶᠤᠯ ᠰᠤᠷᠭᠠᠨ ᠬᠦᠮᠦᠵᠢᠯ ᠤᠨ ᠨᠧᠲ (www.ydyeducation.com) ᠤ᠋ᠨ ᠲᠠᠮᠢᠷ ᠤᠨ ᠲᠤᠰᠬᠠᠢ ᠰᠤᠷᠤᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠰᠢᠰᠲ᠋ᠧᠮ ᠡᠴᠡ ᠦᠪᠡᠷᠲᠡᠭᠡᠨ ᠲᠠᠷᠤᠮᠯᠠᠵᠤ ᠠᠪᠬᠤ ᠴᠢᠬᠤᠯᠠᠲᠠᠢ᠃《ᠲᠠᠮᠢᠷ ᠤᠨ ᠬᠦᠳᠡᠯᠭᠡᠭᠡᠨ ᠤ ᠪᠤᠯᠪᠠᠰᠤᠷᠠᠯ᠂ ᠵᠡᠪᠰᠡᠭ ᠤᠨ ᠡᠷᠳᠡᠮ ᠪᠠ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠲᠤᠰᠬᠠᠢ ᠮᠡᠷᠭᠡᠵᠢᠯ ᠤᠨ ᠰᠤᠷᠤᠭᠴᠢ ᠡᠯᠰᠡᠬᠦ ᠰᠤᠶᠤᠯ ᠤᠨ ᠰᠢᠯᠭᠠᠯᠲᠠ ᠤᠨ ᠮᠡᠳᠡᠭᠳᠡᠯ ᠤᠨ ᠪᠢᠴᠢᠭ᠌》 ᠲᠦ ᠪᠤᠭᠤᠲᠤ ᠬᠤᠲᠠ ᠪᠠ ᠤᠯᠠᠭᠠᠨᠬᠠᠲᠠ ᠬᠤᠲᠠ ᠶᠢᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠡᠴᠡ ᠲᠠᠮᠠᠭ᠎ᠠ ᠳᠠᠷᠤᠭᠰᠠᠨ ᠤ ᠳᠠᠷᠠᠭ᠎ᠠ ᠰᠢᠯᠭᠠᠭᠤᠯᠤᠭᠴᠢᠳ ᠲᠤᠭᠲᠠᠭᠰᠠᠨ ᠭᠠᠵᠠᠷ ᠲᠦ ᠤᠴᠢᠵᠤ ᠠᠪᠤᠨ᠎ᠠ᠃ ᠪᠤᠭᠤᠲᠤ ᠬᠤᠲᠠ ᠶᠢᠨ ᠳᠦᠴᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠦ ᠰᠢᠯᠭᠠᠭᠤᠯᠤᠭᠴᠢᠳ ᠨᠢ 4 ᠰᠠᠷ᠎ᠠ᠎᠎ ᠶᠢᠨ 20-22 ᠤᠨ ᠬᠤᠭᠤᠷᠤᠨᠳᠤ ᠪᠤᠭᠤᠲᠤ ᠬᠤᠲᠠ ᠶᠢᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠲᠤ ᠬᠦᠷᠴᠤ ᠮᠡᠳᠡᠭᠳᠡᠯ ᠢᠶᠡᠨ ᠠᠪᠤᠨ᠎ᠠ᠂ ᠤᠯᠠᠭᠠᠨᠬᠠᠳᠠ ᠬᠤᠲᠠ ᠶᠢᠨ ᠭᠤᠷᠪᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠤᠨ ᠰᠢᠯᠭᠠᠯᠲᠠ ᠶᠢᠨ ᠴᠡᠭ ᠲᠦ ᠰᠢᠯᠭᠠᠭᠤᠯᠤᠭᠴᠢᠳ ᠨᠢ 4 ᠰᠠᠷ᠎ᠠ᠎᠎ ᠶᠢᠨ 21-22  ᠤᠨ ᠬᠤᠭᠤᠷᠤᠨᠳᠤ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠤᠭᠤᠷᠢᠭ ᠤᠨ ᠳ᠋ᠠ ᠮᠢᠩ ᠵᠡᠭᠡᠯᠢ ᠳᠡᠬᠡᠷᠡᠬᠢ ᠰᠤᠷᠭᠠᠨ ᠬᠦᠮᠦᠵᠢᠯ ᠤᠨ ᠲᠤᠪᠴᠢᠶ᠎ᠠ ᠶᠢᠨ ᠰᠤᠷᠤᠭᠴᠢ ᠡᠯᠰᠡᠬᠦ ᠰᠠᠯᠠᠭ᠎ᠠ ᠶᠢᠨ 306 ᠳ᠋ᠤᠭᠠᠷ ᠭᠡᠷ ᠲᠤ ᠬᠦᠷᠴᠤ ᠮᠡᠳᠡᠭᠳᠡᠯ ᠢᠶᠡᠨ ᠠᠪᠤᠨ᠎ᠠ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

ᠢᠷᠡᠯᠳᠡ᠄ ᠬᠦᠬᠡᠬᠤᠳᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120794734