蒙古文网站Logo
ᠰᠢᠨᠬᠤᠸᠠ ᠮᠤᠩᠭ᠋ᠤᠯ ᠨᠧᠲ

ᠪᠠᠶ᠎ᠠ ᠶᠢᠨ ᠲᠠᠮᠢᠷ ᠤᠨ ᠬᠢᠴᠢᠶᠠᠯ ᠤᠨ ᠦᠨᠡᠯᠡᠭᠡ ᠶᠢ ᠦᠩᠭᠡ ᠶᠢᠨ ᠲᠡᠲᠦᠢ ᠠᠵᠢᠯ ᠪᠤᠯᠭᠠᠬᠤ ᠡᠴᠡ ᠵᠠᠢᠢᠯᠠᠰᠬᠢᠪᠠᠯ ᠵᠤᠬᠢᠨ᠎ᠠ

2017-04-12 16:25

    ᠰᠢᠨᠬᠤᠸᠠ ᠬᠤᠷᠢᠶ᠎ᠠ   ᠦᠰᠢ ᠶᠢᠨ 4 ᠰᠠᠷ᠎ᠠ ᠶᠢᠨ 11 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠬᠤᠸᠠᠨ ᡁᠢ ) ᠰᠤᠷᠭᠠᠨ ᠬᠦᠮᠦᠵᠢᠯ ᠤᠨ ᠶᠠᠮᠤᠨ 10 ᠤ ᠡᠲᠦᠷ 《ᠲᠤᠮᠲᠠᠲᠤ ᠪᠠᠭ᠎ᠠ ᠰᠤᠷᠭᠠᠭᠤᠯᠢ ᠶᠢᠨ ᠪᠠᠶ᠎ᠠ ᠶᠢᠨ ᠲᠠᠮᠢᠷ ᠠᠵᠢᠯ ᠢ ᠵᠢᠭᠠᠨ ᠵᠢᠯᠤᠭᠤᠳᠬᠤ ᠪᠠ ᠦᠨᠡᠯᠡᠬᠦ ᠠᠷᠭ᠎ᠠ》 ᠶᠢ ᠨᠡᠢᠢᠲᠡᠯᠡᠪᠡ᠂ ᠪᠠᠶ᠎ᠠ ᠶᠢᠨ ᠲᠠᠮᠢᠷ ᠪᠠ ᠡᠷᠡᠬᠦᠯ ᠮᠡᠨᠳᠦ ᠶᠢᠨ ᠬᠢᠴᠢᠶᠠᠯ ᠢ ᠰᠠᠢᠢᠲᠦᠷ ᠡᠷᠬᠢᠯᠡᠵᠦ ᠪᠠᠢᠢᠬᠤ ᠶᠢ ᠵᠢᠭᠠᠨ ᠵᠢᠯᠤᠭᠤᠳᠬᠤ ᠪᠠ ᠦᠨᠡᠯᠡᠭᠡᠨ ᠳ᠋ᠤ ᠤᠷᠤᠭᠤᠯᠤᠭᠰᠠᠨ ᠭᠡᠵᠦ ᠲᠤᠲᠤᠷᠬᠠᠢ ᠲᠤᠷᠠᠳᠪᠠ᠃ ᠡᠨᠡ ᠨᠢ ᠲᠤᠮᠲᠠᠲᠤ ᠪᠠᠭ᠎ᠠ ᠰᠤᠷᠭᠠᠭᠤᠯᠢ ᠶᠢᠨ ᠪᠠᠶ᠎ᠠ ᠶᠢᠨ ᠲᠠᠮᠢᠷ ᠤᠨ ᠬᠢᠴᠢᠶᠠᠯ ᠢ ᠰᠠᠢᠢᠲᠦᠷ ᠡᠷᠬᠢᠯᠡᠬᠦ ᠶᠢ ᠤᠯᠠᠮ ᠴᠢᠨᠠᠭᠰᠢᠲᠠ ᠲᠤᠤᠱᠯᠠᠭᠤᠯᠵᠤ᠂ ᠲᠤᠮᠲᠠᠲᠤ ᠪᠠᠭ᠎ᠠ ᠰᠤᠷᠭᠠᠭᠤᠯᠢ ᠶᠢᠨ ᠪᠠᠶ᠎ᠠ ᠶᠢᠨ ᠲᠠᠮᠢᠷ ᠤᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠪᠠ ᠶᠠᠰᠤ ᠴᠢᠨᠠᠷ ᠲᠤ ᠲᠦᠷᠢᠮ ᠤᠨ ᠪᠠᠲᠤᠯᠠᠭ᠎ᠠ ᠬᠠᠩᠭ᠋ᠠᠪᠠ᠃ ᠲᠤᠮᠲᠠᠲᠤ ᠪᠠᠭ᠎ᠠ ᠰᠤᠷᠭᠠᠭᠤᠯᠢ ᠶᠢᠨ ᠬᠢᠨ ᠢ ᠪᠠᠭᠲᠠᠭᠠᠭᠰᠠᠨ ᠪᠦᠬᠦ ᠨᠡᠢᠢᠭᠡᠮ ᠤᠨ ᠬᠦᠮᠦᠰ ᠲᠤ ᠠᠪᠴᠤ ᠬᠡᠯᠡᠪᠡᠯ ᠤᠢᠢᠯᠠᠭᠠᠬᠲᠠᠬᠤᠨ ᠲᠡᠭᠡᠷ᠎ᠡ ᠪᠠᠨ ᠪᠠᠶ᠎ᠠ ᠶᠢᠨ ᠲᠠᠮᠢᠷ ᠪᠠ ᠵᠢᠭᠠᠨ ᠰᠤᠷᠭᠠᠯᠲᠠ ᠠᠭᠤᠰᠤᠯᠴᠠᠬᠤ ᠶᠢ ᠵᠢᠩᠬᠢᠨᠢ ᠤᠢᠢᠯᠠᠭᠠᠬᠤ ᠬᠡᠷᠡᠭᠲᠡᠢ᠂ ᠰᠤᠷᠭᠠᠭᠤᠯᠢ ᠶᠢᠨ ᠪᠠᠶ᠎ᠠ ᠶᠢᠨ ᠲᠠᠮᠢᠷ ᠤᠨ ᠬᠢᠴᠢᠶᠠᠯ ᠤᠨ ᠬᠠᠮᠤᠭ ᠤᠨ ᠡᠴᠦᠰ ᠤᠨ ᠠᠰᠢᠭ ᠬᠦᠷᠲᠡᠭᠴᠢ ᠪᠤᠯ ᠰᠤᠷᠤᠭᠴᠢ᠂ ᠪᠠᠶ᠎ᠠ ᠶᠢᠨ ᠲᠠᠮᠢᠷ ᠤᠨ ᠬᠢᠴᠢᠶᠠᠯ ᠢ ᠦᠵᠡᠬᠦᠯᠦᠯᠭᠡ ᠶᠢᠨ ᠲᠡᠳᠦᠢ ᠪᠤᠯᠭᠠᠵᠤ ᠪᠤᠯᠬᠤ ᠦᠭᠡᠢ᠃

    ᠰᠤᠷᠭᠠᠨ ᠬᠦᠮᠦᠵᠢᠯ ᠤᠨ ᠴᠠᠷ᠎ᠠ ᠬᠦᠷᠢᠶᠠᠨ ᠳ᠋ᠡᠬᠢ ᠪᠠᠶ᠎ᠠ ᠶᠢᠨ ᠲᠠᠮᠢᠷ ᠤᠨ ᠴᠢᠬᠤᠯᠠ ᠴᠢᠨᠠᠷ ᠢ ᠤᠯᠠᠮ ᠤᠯᠠᠨ ᠲᠠᠨᠢᠵᠤ ᠤᠯᠤᠬᠰᠠᠨ ᠶᠢᠡᠷ᠂ ᠰᠤᠷᠭᠠᠨ ᠬᠦᠮᠦᠵᠢᠯ ᠤᠨ ᠶᠠᠮᠤᠨ ᠰᠡᠬᠦᠯ ᠤᠨ ᠵᠢᠯ ᠤᠳ ᠲᠤ ᠪᠠᠶ᠎ᠠ ᠶᠢᠨ ᠲᠠᠮᠢᠷ ᠤᠨ ᠬᠢᠴᠢᠶᠠᠯ ᠢ ᠤᠯᠠᠮ ᠢᠯᠡᠬᠦᠦ ᠬᠦᠨᠳᠦᠳᠭᠡᠨ ᠦᠵᠡᠵᠦ᠂ ᠲᠤᠮᠲᠠᠲᠤ ᠪᠠᠭ᠎ᠠ ᠰᠤᠷᠭᠠᠭᠤᠯᠢ ᠶᠢᠨ ᠪᠠᠶ᠎ᠠ ᠶᠢᠨ ᠲᠠᠮᠢᠷ ᠤᠨ ᠬᠢᠴᠢᠶᠠᠯ ᠤᠨ ᠴᠠᠭ ᠢ ᠪᠠᠲᠤᠯᠠᠬᠤ ᠶᠢ ᠲᠠᠬᠢᠨ ᠲᠠᠪᠲᠠᠨ ᠱᠠᠭᠠᠷᠲᠠᠪᠠ᠃ ᠭᠡᠬᠦ ᠳ᠋ᠤ ᠡᠯ᠎ᠡ ᠭᠠᠵᠠᠷ ᠤᠨ ᠬᠢᠨ ᠬᠡᠷᠡᠭᠵᠢᠬᠦᠯᠬᠦ ᠶᠠᠪᠤᠴᠠ ᠳ᠋ᠤ ᠤᠯᠠᠨ ᠶᠠᠩᠵᠤ ᠶᠢᠨ ᠵᠦᠷᠢᠶᠠᠨ ᠲᠠᠢ ᠂ ᠵᠠᠷᠢᠮ ᠭᠠᠵᠠᠷ ᠤᠨ ᠬᠢᠨ ᠪᠠᠶ᠎ᠠ ᠶᠢᠨ ᠲᠠᠮᠢᠷ ᠤᠨ ᠪᠠᠭᠰᠢ ᠬᠦᠷᠦᠯᠴᠡᠬᠦ ᠦᠭᠡᠢ᠂ ᠪᠠᠰᠠ ᠵᠠᠷᠢᠮ ᠭᠠᠵᠠᠷ ᠤᠨ ᠬᠢᠨ ᠦᠵᠡᠯ ᠪᠤᠲᠤᠯ ᠶᠢᠡᠨ ᠬᠤᠪᠢᠷᠠᠭᠤᠯᠤᠭ᠎ᠠ ᠦᠭᠡᠢ ᠪᠤᠯᠬᠤᠷ ᠪᠠᠶ᠎ᠠ ᠶᠢᠨ ᠲᠠᠮᠢᠷ ᠤᠨ ᠬᠢᠴᠢᠶᠠᠯ ᠨᠢ ᠦᠩᠭᠡ ᠶᠢᠨ ᠲᠡᠲᠦᠢ ᠪᠤᠯᠪᠠ ; ᠬᠡᠲᠦᠢᠢᠪᠡᠷ ᠵᠠᠷᠢᠮ ᠰᠤᠷᠭᠠᠭᠤᠯᠢ ᠶᠢᠨ ᠬᠢᠨ ᠪᠠᠶ᠎ᠠ ᠶᠢᠨ ᠲᠠᠮᠢᠷ ᠤᠨ ᠬᠢᠴᠢᠶᠠᠯ ᠨᠡᠭᠡᠭᠡᠵᠦ ᠪᠠᠢᠢᠭ᠎ᠠ ᠪᠤᠯᠪᠠᠴᠤ ᠬᠢᠴᠢᠶᠠᠯᠯᠠᠵᠦ ᠪᠠᠢᠢᠭ᠎ᠠ ᠪᠠᠭᠰᠢ ᠶᠢᠨ ᠲᠤᠰᠬᠠᠢ ᠮᠡᠷᠭᠡᠵᠢᠯ ᠬᠦᠷᠬᠦ ᠦᠭᠡᠢ᠂ ᠠᠮᠤᠷ ᠲᠦᠪᠰᠢᠨ ᠤ ᠠᠰᠠᠭᠤᠲᠠᠯ ᠤᠷᠤᠰᠢᠵᠤ ᠪᠠᠢᠢᠲᠠᠭ᠃

    《ᠦᠨᠡᠯᠡᠭᠡᠨ ᠤ ᠠᠷᠭ᠎ᠠ》 ᠶᠢ ᠦᠨᠳᠦᠰᠦᠯᠡᠪᠡᠯ᠂ ᠵᠢᠭᠠᠨ ᠵᠢᠯᠤᠭᠤᠳᠬᠤ ᠪᠠ ᠦᠨᠡᠯᠡᠬᠦ ᠲᠦᠰᠦᠯ ᠳ᠋ᠤ ᠪᠠᠶ᠎ᠠ ᠶᠢᠨ ᠲᠠᠮᠢᠷ ᠪᠠ ᠡᠷᠡᠬᠦᠯ ᠮᠡᠨᠳᠦ ᠶᠢᠨ ᠬᠢᠴᠢᠶᠠᠯ ᠢ ᠰᠠᠢᠢᠲᠦᠷ ᠡᠷᠬᠢᠯᠡᠵᠦ ᠪᠠᠢᠢᠬᠤ; ᠬᠢᠴᠢᠶᠠᠯ ᠤᠨ ᠵᠠᠪᠰᠠᠷᠯᠠᠭ᠎ᠠ ᠶᠢᠨ ᠪᠠᠶ᠎ᠠ ᠶᠢᠨ ᠲᠠᠮᠢᠷ ᠤᠨ ᠬᠦᠲᠡᠯᠭᠡᠭᠡᠨ ᠵᠤᠬᠢᠶᠠᠨ ᠪᠠᠢᠢᠭᠤᠯᠵᠤ ᠪᠠᠢᠢᠬᠤ; ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠬᠦᠨᠵᠡᠭᠡᠢᠢᠷᠡᠬᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠡᠭᠡᠭ᠍ᠰᠢᠯᠡᠬᠦᠯᠵᠦ᠂ ᠰᠤᠷᠤᠭᠴᠢᠳ ᠤᠨ ᠬᠢᠴᠢᠶᠠᠯ ᠤᠨ ᠭᠠᠲᠠᠨᠠᠬᠢ ᠬᠦᠲᠡᠯᠭᠡᠭᠡᠨ ᠢ ᠴᠢᠩᠭ᠋ᠠᠳᠬᠠᠨ᠂ ᠪᠠᠶᠠᠯᠢᠭ ᠠᠭᠤᠯᠭ᠎ᠠ ᠲᠠᠢ ᠪᠠᠶ᠎ᠠ ᠶᠢᠨ ᠲᠠᠮᠢᠷ ᠤᠨ ᠬᠦᠲᠡᠯᠡᠭᠡᠭᠡᠨ ᠵᠤᠬᠢᠶᠠᠨ ᠪᠠᠢᠢᠭᠤᠯᠵᠤ ᠪᠠᠢᠢᠬᠤ; ᠲᠤᠮᠲᠠᠲᠤ ᠪᠠᠭ᠎ᠠ ᠰᠤᠷᠭᠠᠭᠤᠯᠢ ᠶᠢᠨ ᠪᠠᠶ᠎ᠠ ᠶᠢᠨ ᠲᠠᠮᠢᠷ ᠤᠨ ᠬᠢᠴᠢᠶᠠᠯ ᠤᠨ ᠦᠨᠡᠯᠡᠭᠡᠨ ᠤ ᠳ᠋ᠦᠩ ᠢ ᠤᠷᠤᠨ ᠨᠤᠲᠤᠭ ᠤᠨ ᠵᠠᠰᠠᠭ ᠤᠨ ᠤᠷᠲᠤᠨ ᠪᠠ ᠰᠤᠷᠭᠠᠨ ᠬᠦᠮᠦᠵᠢᠯ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠺᠠᠳ᠋ᠷ ᠢ ᠰᠢᠯᠭᠠᠨ ᠦᠨᠡᠯᠡᠯᠲᠡ ᠶᠢᠨ ᠠᠭᠤᠯᠭ᠎ᠠ ᠳ᠋ᠤ ᠤᠷᠤᠭᠤᠯᠬᠤ; ᠰᠤᠷᠭᠠᠭᠤᠯᠢ ᠶᠢᠨ ᠬᠠᠷᠢᠭᠤᠴᠠᠯᠭ᠎ᠠ ᠪᠠ ᠱᠠᠩᠨᠠᠬᠤ ᠲᠤᠷᠭᠠᠬᠤ ᠶᠢᠨ ᠴᠢᠬᠤᠯᠠ ᠦᠨᠳᠦᠰᠦᠯᠡᠯ ᠪᠤᠯᠭᠠᠬᠤ ᠪᠤᠯᠤᠨ᠎ᠠ᠃

    ᠡᠨᠡᠬᠦ ᠠᠷᠭ᠎ᠠ ᠬᠡᠮᠵᠢᠶ᠎ᠠ ᠨᠢ ᠲᠤᠮᠲᠠᠲᠤ ᠪᠠᠭ᠎ᠠ ᠰᠤᠷᠭᠠᠭᠤᠯᠢ ᠶᠢᠨ ᠪᠠᠶ᠎ᠠ ᠶᠢᠨ ᠲᠠᠮᠢᠷ ᠤᠨ ᠠᠵᠢᠯ ᠴᠢᠨᠠᠷ ᠰᠠᠢᠢᠲᠠᠢ ᠶᠠᠪᠤᠭᠲᠠᠬᠤ ᠳ᠋ᠤ ᠢᠲᠡᠪᠬᠢ ᠦᠢᠯᠡᠳᠦᠯ ᠦᠵᠡᠬᠦᠯᠬᠦ ᠪᠤᠯᠤᠨ᠎ᠠ᠃ ᠪᠠᠶ᠎ᠠ ᠶᠢᠨ ᠲᠠᠮᠢᠷ ᠤᠨ ᠠᠵᠢᠯ ᠢ ᠰᠢᠯᠭᠠᠨ ᠦᠨᠡᠯᠡᠬᠦ ᠪᠡᠷ ᠪᠠᠶ᠎ᠠ ᠶᠢᠨ ᠲᠠᠮᠢᠷ ᠨᠢ ᠰᠤᠷᠭᠠᠨ ᠬᠦᠮᠦᠵᠢᠯ ᠤᠨ ᠰᠢᠰᠲ᠋ᠸᠮ ᠤᠨ ᠲᠤᠮᠲᠠ ᠦᠪᠡᠷ ᠤᠨ ᠭᠡᠰᠡᠨ ᠪᠠᠢᠢᠷᠢ ᠰᠠᠭᠤᠷᠢ ᠲᠠᠢ ᠪᠤᠯᠬᠤ ᠶᠢᠨ ᠬᠠᠮᠲᠤ ᠰᠤᠷᠭᠠᠭᠤᠯᠢ ᠶᠢᠨ ᠪᠠᠶ᠎ᠠ ᠶᠢᠨ ᠲᠠᠮᠢᠷ ᠤᠨ ᠠᠵᠢᠯ ᠤᠨ ᠲᠦᠪᠰᠢᠨ ᠪᠠ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠴᠤ ᠲᠡᠭᠡᠭ᠍ᠰᠢᠯᠡᠬᠦ ᠪᠤᠯᠤᠨ᠎ᠠ᠃

    ᠭᠡᠬᠦ ᠳ᠋ᠡᠭᠡᠨ ᠰᠢᠯᠭᠠᠨ ᠦᠨᠡᠯᠡᠯᠲᠡ ᠶᠢ ᠠᠷᠭᠠᠴᠠᠭᠠᠬᠤ ᠵᠡᠷᠭᠡ ᠬᠡᠯᠪᠡᠷᠢ ᠶᠢᠨ ᠦᠵᠡᠯ ᠢ ᠵᠠᠪᠠᠯ ᠨᠢᠴᠤᠭᠠᠬᠤ ᠬᠡᠷᠡᠭᠲᠡᠢ᠃ ᠰᠤᠷᠭᠠᠨ ᠬᠦᠮᠦᠵᠢᠯ ᠤᠨ ᠶᠠᠮᠤᠨ ᠡᠴᠡ ᠡᠲᠡᠭᠡᠷ ᠲᠦᠷᠢᠮ ᠲᠤᠭᠲᠠᠭᠠᠯ ᠪᠢᠴᠢᠭ᠌ ᠮᠠᠲ᠋ᠸᠷᠢᠶᠠᠯ ᠢ ᠨᠡᠢᠢᠲᠡᠯᠡᠵᠦ ᠪᠠᠢᠢᠬᠤ ᠨᠢ ᠦᠨᠡᠨ ᠬᠦ ᠬᠡᠦᠬᠡᠳ ᠪᠠᠭᠠᠴᠤᠳ ᠤᠨ ᠪᠠᠶ᠎ᠠ ᠮᠠᠬᠠᠪᠤᠳ ᠤᠨ ᠡᠷᠡᠬᠦᠯ ᠴᠢᠬᠢᠷᠠᠭ ᠪᠠᠢᠢᠬᠤ ᠶᠢ ᠠᠩᠬᠠᠷᠴᠤ ᠪᠠᠢᠢᠭ᠎ᠠ ᠶᠤᠮ᠃

    ᠡᠢᠢᠮᠦ ᠡᠴᠡ ᠲᠤᠮᠲᠠᠲᠤ ᠪᠠᠭ᠎ᠠ ᠰᠤᠷᠭᠠᠭᠤᠯᠢ ᠶᠢᠨ ᠬᠢᠨ ᠢ ᠪᠠᠭᠲᠠᠭᠠᠭᠰᠠᠨ ᠪᠦᠬᠦ ᠨᠡᠢᠢᠭᠡᠮ ᠶᠢᠡᠷ ᠶᠢᠡᠨ ᠤᠢᠢᠯᠠᠭᠠᠭᠲᠠᠬᠤᠨ ᠶᠢᠡᠨ ᠬᠤᠪᠢᠷᠠᠭᠤᠯᠤᠨ᠂ ᠪᠠᠶ᠎ᠠ ᠶᠢᠨ ᠲᠠᠮᠢᠷ ᠤᠨ ᠲᠤᠬᠠᠢ ᠵᠢᠩᠬᠢᠨᠢ ᠤᠢᠢᠯᠠᠭᠠᠬᠤ ᠴᠢᠬᠤᠯᠠ ᠲᠠᠢ᠃ ᠢᠩᠬᠢᠪᠡᠯ ᠲᠦᠷᠦ ᠶᠢᠨ ᠪᠤᠲᠤᠯᠭ᠎ᠠ ᠲᠤᠤᠱᠯᠠᠭᠲᠠᠵᠤ᠂ ᠠᠵᠢᠯ ᠤᠷᠤᠭᠰᠢᠲᠠᠢ ᠪᠤᠯᠤᠨ᠎ᠠ᠃

    ᠰᠢᠯᠭᠠᠨ ᠦᠨᠡᠯᠡᠬᠦ ᠪᠤᠯ ᠨᠢᠭᠡ ᠵᠦᠢᠯ ᠤᠨ ᠠᠷᠭ᠎ᠠ ᠬᠡᠮᠵᠢᠶ᠎ᠠ᠂ ᠠᠷᠭ᠎ᠠ ᠠᠪᠴᠠᠯ ᠪᠤᠯᠤᠨ᠎ᠠ᠃ ᠬᠡᠲᠦᠢᠢᠪᠡᠷ ᠠᠵᠢᠯ ᠤᠨ ᠠᠬᠢᠴᠠ ᠶᠢ ᠲᠦᠷᠭᠡᠳᠭᠡᠬᠦ ᠪᠤᠯᠪᠠᠴᠤ ᠭᠠᠭᠴᠠ ᠰᠢᠯᠭᠠᠨ ᠦᠨᠡᠯᠡᠯᠲᠡ ᠳ᠋ᠤ ᠵᠤᠷᠢᠭᠤᠯᠬᠤ ᠶᠢ ᠬᠢᠴᠢᠶᠡᠬᠦ ᠬᠡᠷᠡᠭᠲᠡᠢ᠃ ᠬᠡᠦᠬᠡᠳ ᠤᠨ ᠪᠠᠶ᠎ᠠ ᠰᠡᠳᠬᠢᠴᠡ ᠶᠢᠨ ᠤᠨᠴᠠᠯᠢᠭ᠂ ᠲᠤᠷ᠎ᠠ ᠪᠠᠬ᠎ᠠ ᠶᠢ ᠦᠨᠳᠦᠰᠦᠯᠡᠨ ᠪᠠᠶ᠎ᠠ ᠶᠢᠨ ᠲᠠᠮᠢᠷ ᠤᠨ ᠬᠢᠴᠢᠶᠠᠯ ᠤᠨ ᠪᠠᠷᠢᠮᠵᠢᠶ᠎ᠠ ᠲᠤᠭᠲᠠᠭᠠᠬᠤ ᠡᠴᠡ ᠪᠢᠰᠢ᠂ ᠲᠠᠷᠤᠭ᠎ᠠ ᠤᠲᠤᠷᠢᠲᠤᠯᠭ᠎ᠠ ᠶᠢᠨ ᠰᠠᠨᠠᠭᠠᠨ ᠳ᠋ᠤ ᠲᠤᠬᠢᠷᠠᠭᠤᠯᠤᠭᠰᠠᠨ ᠪᠠᠢᠢᠪᠠᠯ ᠦᠩᠭᠡ ᠶᠢᠨ ᠲᠡᠲᠦᠢ ᠠᠵᠢᠯ ᠪᠤᠯᠤᠨ᠎ᠠ᠃

ᠢᠷᠡᠯᠳᠡ᠄ 《ᠰᠢᠨᠬᠤᠸᠠ ᠡᠲᠦᠷ ᠪᠦᠷᠢ ᠶᠢᠨ ᠴᠠᠬᠢᠯᠭᠠᠨ ᠮᠡᠲᠡᠭᠡ 》 ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120797359