蒙古文网站Logo
ᠰᠢᠨᠬᠤᠸᠠ ᠮᠤᠩᠭ᠋ᠤᠯ ᠨᠧᠲ

ᠡᠨᠡ ᠤᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠡᠴᠡ ᠡᠬᠢᠯᠡᠨ ᠨᠠᠮ ᠤᠨ ᠰᠤᠷᠭᠠᠭᠤᠯᠢ ᠵᠡᠷᠭᠡ ᠴᠢᠲᠠᠪᠤᠷᠢᠲᠠᠨ ᠬᠦᠮᠦᠵᠢᠬᠦᠯᠬᠦ ᠪᠠᠢᠢᠭᠤᠯᠤᠯᠭ᠎ᠠ ᠢᠢᠨ ᠰᠤᠷᠤᠭᠴᠢᠳ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠲᠦᠷᠦ ᠶᠢᠨ ᠪᠤᠲᠤᠯᠭ᠎ᠠ ᠶᠢ ᠬᠦᠷᠲᠡᠨ᠎ᠡ

2017-04-13 11:26

    ᠰᠢᠨᠬᠤᠸᠠ ᠬᠤᠷᠢᠶ᠎ᠠ   ᠪᠡᠭᠡᠵᠢᠩ ᠤᠨ 4 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠱᠢ ᠢᠦᠢ ᠼᠸᠨ ) ᠶᠡᠬᠡ ᠲᠡᠭᠡᠳᠦ ᠰᠤᠷᠭᠠᠭᠤᠯᠢ ᠶᠢᠨ ᠰᠤᠷᠤᠭᠴᠢ ᠶᠢᠨ ᠲᠡᠳᠬᠦᠮᠵᠢ ᠶᠢᠨ ᠠᠵᠢᠯ ᠢ ᠤᠯᠠᠮ ᠴᠢᠩᠭ᠋ᠠᠳᠬᠠᠨ ᠲᠦᠷᠢᠮᠵᠢᠬᠦᠯᠬᠦ ᠪᠡᠷ ᠰᠡᠬᠦᠯ ᠤᠨ ᠦᠶ᠎ᠠ ᠳ᠋ᠤ ᠰᠤᠷᠭᠠᠨ ᠬᠦᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠵᠡᠷᠭᠡ ᠬᠠᠮᠢᠶᠠᠲᠠᠢ ᠰᠠᠯᠠᠭ᠎ᠠ ᠮᠦᠴᠢᠷ《ᠶᠡᠬᠡ ᠲᠡᠭᠡᠳᠦ ᠰᠤᠷᠭᠠᠭᠤᠯᠢ ᠶᠢᠨ ᠰᠤᠷᠤᠭᠴᠢ ᠶᠢᠨ ᠲᠡᠳᠬᠦᠮᠵᠢ ᠶᠢᠨ ᠮᠦᠩᠬᠦᠨ ᠤ ᠲᠦᠷᠦ ᠶᠢᠨ ᠪᠤᠲᠤᠯᠭ᠎ᠠ ᠶᠢ ᠤᠯᠠᠨ ᠴᠢᠨᠠᠬᠰᠢᠳᠠ ᠲᠤᠤᠱᠯᠠᠭᠤᠯᠬᠤ ᠲᠤᠬᠠᠢ ᠮᠡᠲᠡᠭᠲᠡᠯ》 ᠢ ᠲᠠᠷᠬᠠᠭᠠᠪᠠ᠂ 2017 ᠤᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠡᠴᠡ ᠡᠬᠢᠯᠡᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠦᠩᠬᠦᠨ ᠤ ᠲᠦᠷᠦ ᠶᠢᠨ ᠪᠤᠲᠤᠯᠭ᠎ᠠ ᠶᠢ ᠶᠡᠬᠡ ᠲᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠠᠺᠠᠳᠧᠮᠢ ᠶᠢᠨ ᠬᠦᠷᠢᠶᠡᠯᠡᠩ᠂ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠲᠡᠭᠡᠳᠦ ᠰᠤᠷᠭᠠᠭᠤᠯᠢ᠂ ᠨᠠᠷᠢᠨ ᠪᠢᠴᠢᠭᠡᠴᠢ ᠶᠢᠨ ᠲᠡᠭᠡᠳᠦ ᠰᠤᠷᠭᠠᠭᠤᠯᠢ ᠵᠡᠷᠭᠡ ᠴᠢᠲᠠᠪᠤᠷᠢᠲᠠᠨ ᠬᠦᠮᠦᠵᠢᠬᠦᠯᠬᠦ ᠪᠠᠢᠢᠭᠤᠯᠤᠯᠭ᠎ᠠ ᠨᠢᠭᠡᠴᠡ ᠶᠢᠨ ᠲᠤᠰᠬᠠᠢ ᠮᠡᠷᠭᠡᠵᠢᠯ ᠤᠨ᠂ ᠦᠨᠳᠦᠰᠦᠨ ᠠᠩᠬᠢ ᠶᠢᠨ ᠰᠤᠷᠤᠭᠴᠢ᠂ ᠠᠰᠫᠢᠷᠠᠨᠲ᠂ ᠪᠡᠯᠡᠳᠭᠡᠯ ᠠᠩᠬᠢ ᠶᠢᠨ ᠰᠤᠷᠤᠭᠴᠢᠳ ᠲᠤ ᠬᠦᠷᠲᠡᠭᠡᠬᠦ ᠬᠡᠷᠡᠭᠲᠡᠢ ᠭᠡᠵᠡᠢ᠃ ᠬᠠᠮᠲᠤ ᠳ᠋ᠤᠨᠢ ᠠᠷᠠᠳ ᠡᠴᠡ ᠡᠷᠬᠢᠯᠡᠭᠰᠡᠨ ᠶᠡᠬᠡ ᠲᠡᠭᠡᠳᠤ ᠰᠤᠷᠭᠠᠭᠤᠯᠢ ᠶᠢᠨ ᠰᠤᠷᠤᠭᠴᠢ ᠪᠠ ᠤᠯᠤᠰ ᠡᠴᠡ ᠡᠷᠬᠢᠯᠡᠭᠰᠡᠨ ᠶᠡᠬᠡ ᠲᠡᠭᠡᠳᠦ ᠰᠤᠷᠭᠠᠭᠤᠯᠢ ᠶᠢᠨ ᠰᠤᠷᠤᠭᠴᠢ ᠲᠤᠭᠲᠠᠭᠠᠯ ᠶᠤᠰᠤᠭᠠᠷ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠦᠩᠬᠦᠨ ᠤ ᠲᠦᠷᠦ ᠶᠢᠨ ᠪᠤᠲᠤᠯᠭ᠎ᠠ ᠶᠢ ᠠᠳᠠᠯᠢᠬᠠᠨ ᠬᠦᠷᠲᠡᠬᠦ ᠬᠡᠷᠡᠭᠲᠡᠢ ᠭᠡᠵᠡᠢ᠃

    ᠡᠬᠦᠨ ᠡᠴᠡ ᠭᠠᠲᠠᠨ᠎ᠠ᠂ ᠡᠯ᠎ᠡ ᠭᠠᠵᠠᠷ ᠤᠷᠤᠨ ᠤ ᠬᠢᠨ 2017 ᠤᠨ ᠤ 4 ᠰᠠᠷ᠎ᠠ ᠶᠢᠨ 30 ᠤ ᠡᠲᠦᠷ ᠡᠴᠡ ᠡᠮᠦᠨ᠎ᠡ ᠶᠡᠬᠡ ᠲᠡᠭᠡᠳᠦ ᠰᠤᠷᠭᠠᠭᠤᠯᠢ ᠡᠴᠡ ᠲᠡᠭᠦᠰᠦᠭᠰᠡᠨ ᠤᠶᠤᠲᠠᠳ ᠢ ᠦᠨᠳᠦᠰᠦᠨ ᠱᠠᠲᠤᠨ ᠳ᠋ᠤ ᠠᠵᠢᠯ ᠤᠯᠭᠤᠭᠰᠠᠨ ᠪᠠᠢᠢᠪᠠᠯ ᠰᠤᠷᠤᠯᠭ᠎ᠠ ᠶᠢᠨ ᠲᠦᠯᠦᠪᠦᠷᠢ ᠶᠢᠨ ᠨᠦᠬᠦᠨ ᠦᠭ᠍ᠬᠦ ᠰᠤᠷᠤᠯᠭ᠎ᠠ ᠶᠢᠨ ᠲᠡᠳᠬᠦᠮᠵᠢ ᠶᠢ ᠤᠷᠤᠯᠠᠨ ᠲᠦᠯᠦᠬᠦ ᠲᠦᠷᠦ ᠶᠢᠨ ᠪᠤᠲᠤᠯᠭ᠎ᠠ ᠲᠤᠭᠲᠠᠭᠠᠬᠤ ᠬᠡᠷᠡᠭᠲᠡᠢ ᠭᠡᠵᠡᠢ᠃

    ᠲᠠᠨᠢᠯᠴᠠᠭᠤᠯᠤᠭᠰᠠᠨ ᠶᠢᠡᠷ᠂ ᠤᠲᠤᠬᠠᠨ ᠳ᠋ᠤ ᠮᠠᠨ ᠤ ᠤᠯᠤᠰ ᠶᠡᠬᠡ ᠲᠡᠭᠡᠳᠦ ᠰᠤᠷᠭᠠᠭᠤᠯᠢ ᠶᠢᠨ ᠱᠠᠲᠤᠨ ᠳ᠋ᠤ ᠤᠯᠤᠰ ᠤᠨ ᠱᠠᠩᠨᠠᠯ ᠤᠨ ᠮᠦᠩᠬᠦ᠂ ᠰᠤᠷᠤᠯᠭ᠎ᠠ ᠶᠢᠨ ᠲᠡᠳᠬᠦᠮᠵᠢ ᠶᠢᠨ ᠮᠦᠩᠬᠦ ᠪᠡᠷ ᠭᠤᠤᠯᠯᠠᠭᠰᠠᠨ ᠲᠡᠳᠬᠦᠮᠵᠢ ᠶᠢᠨ ᠲᠦᠷᠦ ᠶᠢᠨ ᠪᠤᠲᠤᠯᠭ᠎ᠠ ᠶᠢᠨ ᠲᠤᠭᠲᠠᠯᠴᠠᠭ᠎ᠠ ᠲᠠᠢ᠃ 2016 ᠤᠨ ᠳ᠋ᠤ ᠵᠠᠰᠠᠭ ᠤᠨ ᠤᠷᠲᠤᠨ᠂ ᠶᠡᠬᠡ ᠲᠡᠭᠡᠳᠦ ᠰᠤᠷᠭᠠᠭᠤᠯᠢ ᠪᠠ ᠨᠡᠢᠢᠭᠡᠮ ᠨᠡᠢᠢᠲᠡ ᠡᠴᠡ ᠶᠡᠬᠡ ᠲᠡᠭᠡᠳᠦ ᠰᠤᠷᠭᠠᠭᠤᠯᠢ ᠳ᠋ᠦ ᠲᠠᠪᠬᠤᠷᠲᠠᠭᠰᠠᠨ ᠲᠤᠭ᠎ᠠ ᠪᠡᠷ 4281 ᠲᠦᠮᠡᠨ ᠬᠦᠮᠦᠨ ᠢ ᠲᠤᠰᠠᠯᠠᠵᠤ᠂ ᠲᠡᠳᠬᠦᠮᠵᠢ ᠶᠢᠨ ᠮᠦᠩᠬᠦ 956 ᠳ᠋ᠦᠩᠰᠢᠭᠤᠷ ᠲᠦᠬᠦᠷᠢᠭ᠌ ᠲᠤ ᠬᠦᠷᠪᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120803000