蒙古文网站Logo
ᠰᠢᠨᠬᠤᠸᠠ ᠮᠤᠩᠭ᠋ᠤᠯ ᠨᠧᠲ

ᠰᠢᠨᠵᠢᠶᠠᠩ ᠡᠨᠡ ᠤᠨ ᠳ᠋ᠤ ᠰᠤᠷᠭᠠᠨ ᠬᠦᠮᠦᠵᠢᠯ ᠤᠨ ᠰᠠᠯᠪᠤᠷᠢ ᠳ᠋ᠤ 289.6 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠨ᠎ᠠ

2017-04-17 16:25

    ᠰᠤᠷᠪᠤᠯᠵᠢᠯᠠᠭᠴᠢ ᠶᠢᠨ ᠤᠢᠢᠯᠠᠭᠠᠭᠰᠠᠨ ᠶᠢᠡᠷ᠂ ᠰᠢᠨᠵᠢᠶᠠᠩ ᠡᠨᠡ ᠤᠨ ᠳ᠋ᠤ ᠰᠤᠷᠭᠠᠨ ᠬᠦᠮᠦᠵᠢᠯ ᠤᠨ ᠰᠠᠯᠪᠤᠷᠢ ᠳ᠋ᠤ 289.6 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠬᠤ ᠪᠡᠷ ᠲᠦᠯᠦᠪᠯᠡᠵᠦ ᠪᠠᠢᠢᠨ᠎ᠠ᠃ ᠡᠲᠡᠭᠡᠷ ᠬᠦᠷᠦᠩᠭᠡ ᠮᠦᠩᠬᠦ ᠶᠢ ᠬᠦᠲᠡᠭᠡ ᠲᠤᠰᠬᠤᠨ ᠤ ᠰᠤᠷᠭᠠᠭᠤᠯᠢ ᠶᠢᠨ ᠨᠠᠰᠤᠨ ᠡᠴᠡ ᠡᠮᠦᠨᠡᠬᠢ ᠬᠤᠤᠰ ᠬᠡᠯᠡᠨ ᠤ ᠬᠡᠦᠬᠡᠳ ᠤᠨ ᠴᠡᠴᠡᠷᠯᠢᠭ᠌᠌ ᠤᠨ ᠪᠦᠲᠦᠭᠡᠨ ᠪᠠᠢᠢᠭᠤᠯᠤᠯᠲᠠ᠂ ᠰᠤᠷᠭᠠᠭᠤᠯᠢ ᠶᠢᠨ ᠲᠡᠳ᠋ ᠪᠦᠲᠦᠴᠡ ᠪᠠᠭᠤᠷᠠᠢ ᠰᠤᠷᠭᠠᠭᠤᠯᠢ ᠶᠢ ᠲᠡᠮᠵᠢᠬᠦ᠂ ᠦᠨᠳᠦᠷ ᠲᠤᠮᠲᠠᠲᠤ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠪᠠ ᠶᠡᠬᠡ ᠲᠡᠭᠡᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠤᠭᠤᠷᠢᠭ ᠤᠨ ᠪᠦᠲᠦᠭᠡᠨ ᠪᠠᠢᠢᠭᠤᠯᠤᠯᠲᠠ ᠳ᠋ᠤ ᠵᠠᠷᠤᠴᠠᠭᠤᠯᠬᠤ ᠪᠤᠯᠤᠨ᠎ᠠ᠃

    ᠤᠢᠢᠯᠠᠭᠠᠭᠰᠠᠨ ᠶᠢᠡᠷ᠂ ᠰᠢᠨᠵᠢᠶᠠᠩ 2016 ᠤᠨ ᠳ᠋ᠤ ᠰᠤᠷᠭᠠᠨ ᠬᠦᠮᠦᠵᠢᠯ ᠤᠨ ᠰᠠᠯᠪᠤᠷᠢ ᠳ᠋ᠤ 202 ᠳ᠋ᠦᠩᠰᠢᠭᠤᠷ ᠲᠦᠬᠦᠷᠢᠭ᠌ ᠬᠦᠷᠦᠩᠭᠡ ᠤᠷᠤᠭᠤᠯᠵᠤ ᠬᠦᠲᠡᠭᠡ ᠤᠷᠤᠨ ᠨᠤᠲᠤᠭ ᠤᠨ ᠲᠡᠳ᠋ ᠪᠦᠲᠦᠴᠡ ᠪᠠᠭᠤᠷᠠᠢ ᠰᠤᠷᠭᠠᠭᠤᠯᠢ ᠶᠢ ᠲᠡᠮᠵᠢᠵᠦ᠂ ᠰᠤᠷᠭᠠᠭᠤᠯᠢ ᠡᠷᠬᠢᠯᠡᠬᠦ ᠨᠦᠬᠦᠴᠡᠯ ᠢ ᠨᠢ ᠰᠠᠢᠢᠵᠢᠷᠠᠭᠤᠯᠤᠨ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠬᠦᠷᠢᠲᠠᠢ ᠬᠦᠭ᠍ᠵᠢᠯᠲᠠ ᠶᠢ ᠠᠬᠢᠭᠤᠯᠪᠠ᠃ ᠡᠮᠦᠨᠡᠲᠦ ᠰᠢᠨᠵᠢᠶᠠᠩ ᠤᠨ ᠰᠤᠷᠭᠠᠭᠤᠯᠢ ᠶᠢᠨ ᠨᠠᠰᠤᠨ ᠡᠴᠡ ᠡᠮᠦᠨᠡᠬᠢ ᠰᠤᠷᠭᠠᠨ ᠬᠦᠮᠦᠵᠢᠯ ᠰᠢᠨ᠎ᠡ ᠠᠬᠢᠴᠠ ᠲᠠᠢ ᠪᠤᠯᠵᠤ᠂ ᠲᠦᠷᠪᠡᠨ ᠵᠸᠦ 15 ᠵᠢᠯ ᠤᠨ ᠲᠦᠯᠦᠪᠦᠷᠢ ᠦᠭᠡᠢ ᠰᠤᠷᠭᠠᠨ ᠬᠦᠮᠦᠵᠢᠯ ᠢ ᠪᠡᠶᠡᠯᠡᠬᠦᠯᠪᠡ᠃

ᠢᠷᠡᠯᠳᠡ᠄ ᠰᠢᠨᠵᠢᠶᠠᠩ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120825334