蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠪᠠᠢᠢᠷᠢ ᠶᠢᠨ ᠰᠤᠷᠤᠭᠴᠢ ᠳ᠋ᠤ ᠠᠮᠢᠲᠤᠷᠠᠯ ᠤᠨ ᠨᠦᠬᠦᠪᠦᠷᠢ ᠤᠯᠭᠤᠨ᠎ᠠ

2017-04-20 16:57

    ᠦᠪᠦᠷ ᠮᠤᠩᠭ᠋ᠤᠯ ᠤᠨ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠪᠠᠢᠢᠷᠢ ᠶᠢᠨ ᠰᠤᠷᠤᠭᠴᠢ ᠶᠢᠨ ᠠᠮᠢᠲᠤᠷᠠᠯ ᠤᠨ ᠵᠠᠷᠤᠲᠠᠯ ᠤᠨ ᠠᠰᠠᠭᠤᠲᠠᠯ ᠢ ᠦᠨᠡᠨ ᠬᠦ ᠰᠢᠢᠳᠪᠦᠷᠢᠯᠡᠬᠦ ᠶᠢᠨ ᠲᠦᠯᠦᠭᠡ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠲᠤᠨ ᠤ ᠵᠦᠪᠰᠢᠶᠡᠷᠡᠯ ᠶᠢᠡᠷ᠂ 2017 ᠤᠨ ᠤ ᠬᠠᠪᠤᠷ ᠤᠨ ᠤᠯᠠᠷᠢᠯ ᠡᠴᠡ ᠡᠬᠢᠯᠡᠨ᠂ ᠮᠠᠨ ᠤ ᠤᠷᠤᠨ ᠠᠳᠠᠯᠢ ᠪᠤᠰᠤ ᠶᠢᠨ ᠪᠠᠷᠢᠮᠵᠢᠶ᠎ᠠ ᠲᠤᠭᠲᠠᠭᠠᠵᠤ᠂ ᠤᠷᠤᠨ ᠤ ᠲᠤᠲᠤᠷᠠᠬᠢ ᠪᠠᠭ᠎ᠠ ᠰᠤᠷᠭᠠᠭᠤᠯᠢ᠂ ᠠᠩᠬ᠎ᠠ ᠲᠤᠮᠲᠠᠲᠤ᠂ ᠦᠨᠳᠦᠷ ᠲᠤᠮᠲᠠᠲᠤ ᠶᠢᠨ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠪᠠᠢᠢᠷᠢ ᠶᠢᠨ ᠰᠤᠷᠤᠭᠴᠢ ᠳ᠋ᠤ ᠠᠮᠢᠲᠤᠷᠠᠯ ᠤᠨ ᠨᠦᠬᠦᠪᠦᠷᠢ ᠤᠯᠭᠤᠬᠤ ᠪᠡᠷ ᠪᠠᠢᠢᠨ᠎ᠠ᠃

    ᠡᠭᠦᠨ ᠳ᠋ᠤ᠂ ᠪᠠᠭ᠎ᠠ ᠰᠤᠷᠭᠠᠭᠤᠯᠢ᠂ ᠠᠩᠬ᠎ᠠ ᠲᠤᠮᠲᠠᠲᠤ ᠶᠢᠨ ᠤᠨᠴᠠᠭᠠᠢ ᠰᠤᠷᠭᠠᠨ ᠬᠦᠮᠦᠵᠢᠯ ᠬᠦᠷᠲᠡᠵᠦ ᠪᠠᠢᠢᠭ᠎ᠠ ᠪᠠᠢᠢᠷᠢ ᠶᠢᠨ ᠰᠤᠷᠤᠭᠴᠢ ᠶᠢᠨ ᠬᠦᠷᠲᠡᠵᠦ ᠪᠠᠢᠢᠭᠰᠠᠨ ᠰᠤᠷᠤᠭᠴᠢ ᠨᠢᠭᠡᠪᠦᠷᠢ ᠶᠢᠨ ᠵᠢᠯ ᠤᠨ 1000 ᠲᠦᠭᠦᠷᠢᠭ᠌᠂ 1250 ᠲᠦᠬᠦᠷᠢᠭ᠌ ᠤᠨ ᠰᠠᠭᠤᠷᠢᠨ ᠲᠡᠭᠡᠷ᠎ᠡ ᠲᠤᠰᠪᠤᠷᠢ 350 ᠲᠦᠭᠦᠷᠢᠭ᠌᠂ 370 ᠲᠦᠭᠦᠷᠢᠭ᠌ ᠨᠡᠮᠡᠨ᠎ᠡ᠃ ᠤᠨᠴᠠᠭᠠᠢ ᠰᠤᠷᠭᠠᠨ ᠬᠦᠮᠦᠵᠢᠯ ᠤᠨ ᠪᠠᠢᠢᠷᠢ ᠶᠢᠨ ᠰᠤᠷᠤᠭᠴᠢ ᠶᠢᠨ ᠨᠦᠬᠦᠪᠦᠷᠢ ᠬᠦᠷᠲᠡᠵᠦ ᠪᠠᠢᠢᠭ᠎ᠠ ᠦᠭᠡᠢ ᠰᠤᠷᠤᠭᠴᠢ ᠶᠢᠨ ᠠᠮᠢᠲᠤᠷᠠᠯ ᠤᠨ ᠨᠦᠬᠦᠪᠦᠷᠢ ᠶᠢ ᠰᠢᠨ᠎ᠡ ᠪᠠᠷᠢᠮᠵᠢᠶ᠎ᠠ ᠪᠡᠷ ᠤᠯᠭᠤᠨ᠎ᠠ᠃ ᠦᠨᠳᠦᠷ ᠲᠤᠮᠲᠠᠲᠤ ᠶᠢᠨ ᠱᠠᠲᠤᠨ ᠤ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠪᠠᠢᠢᠷᠢ ᠶᠢᠨ ᠰᠤᠷᠤᠭᠴᠢ  ᠨᠢᠭᠡᠪᠦᠷᠢ ᠳ᠋ᠤ ᠵᠢᠯ ᠤᠨ 1890 ᠲᠦᠭᠦᠷᠢᠭ᠌ ᠤᠨ ᠠᠮᠢᠲᠤᠷᠠᠯ ᠤᠨ ᠨᠦᠬᠦᠪᠦᠷᠢ ᠤᠯᠭᠤᠨ᠎ᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120845773