蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠶᠡᠬᠡ ᠰᠤᠷᠭᠠᠭᠤᠯᠢ 《ᠳᠡᠯᠡᠬᠡᠢ ᠶᠢᠨ ᠨᠤᠮ ᠤᠩᠰᠢᠬᠤ ᠡᠳᠦᠷ》 ᠲᠤ ᠵᠤᠷᠢᠭᠤᠯᠤᠭᠰᠠᠨ ᠠᠵᠢᠯᠯᠠᠭ᠎ᠠ ᠦᠷᠨᠢᠭᠦᠯᠪᠡ

2017-04-21 18:25

    ᠰᠢᠬᠤᠸᠠ ᠮᠣᠩᠭᠣᠯ ᠨᠸᠲ ᠬᠦᠬᠡᠬᠤᠲᠠ ᠶᠢᠨ 4 ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ( ᠬᠡᠤᠬᠡᠨᠰᠤᠯᠢ) ᠦᠪᠦᠷ ᠮᠣᠩᠭᠣᠯ ᠤᠨ ᠶᠡᠬᠡ ᠰᠤᠷᠭᠠᠭᠤᠯᠢ ᠶᠢᠨ 《 ᠳᠡᠯᠡᠬᠡᠢ ᠶᠢᠨ ᠨᠤᠮ ᠤᠩᠰᠢᠬᠤ ᠡᠳᠦᠷ》 ᠲᠤ ᠵᠤᠷᠢᠭᠤᠯᠤᠭᠰᠠᠨ ᠰᠤᠷᠭᠠᠭᠤᠯᠢ ᠶᠢᠨ ᠬᠦᠷᠢᠶᠡᠨ ᠳᠡᠬᠢ ᠴᠤᠪᠤᠷᠠᠯ ᠠᠵᠢᠯᠯᠠᠭᠠᠨ ᠤ ᠨᠢᠭᠡᠨ ᠠᠭᠤᠯᠭ᠎ᠠ ᠪᠤᠯᠬᠤ《 ᠰᠤᠩᠭ᠋ᠤᠳᠠᠭ ᠨᠤᠮ ᠪᠢᠴᠢᠭ᠌ ᠢ ᠲᠡᠭᠡᠳᠦᠯᠡᠶ᠎ᠠ - 2017 ᠳᠡᠯᠡᠬᠡᠢ ᠶᠢᠨ ᠨᠤᠮ ᠤᠩᠰᠢᠬᠤ ᠡᠳᠦᠷ ᠢ ᠲᠤᠷᠠᠰᠭᠠᠬᠤ ᠨᠢ》 ᠭᠤᠤᠯ ᠰᠡᠲᠦᠪᠲᠤ ᠠᠵᠢᠯᠯᠠᠭ᠎ᠠ  21 ᠤ ᠡᠳᠦᠷ ᠤᠨ 15᠄ 00 ᠴᠠᠭ ᠲᠤ ᠦᠪᠦᠷ ᠮᠣᠩᠭᠣᠯ ᠤᠨ ᠶᠡᠬᠡ ᠰᠤᠷᠭᠠᠭᠤᠯᠢ ᠳᠤ ᠶᠠᠪᠤᠭᠳᠠᠪᠠ᠃

    ᠡᠨᠡᠬᠦ ᠠᠵᠢᠯᠯᠠᠭ᠎ᠠ ᠪᠡᠷ ᠦᠩᠭᠡᠷᠡᠭᠰᠡᠨ ᠨᠢᠭᠡ ᠵᠢᠯ ᠤᠨ ᠲᠤᠷᠰᠢ ᠤᠯᠠᠨ ᠨᠤᠮ ᠤᠩᠰᠢᠭᠰᠠᠨ ᠪᠠᠭᠰᠢ ᠰᠤᠷᠤᠭᠴᠢᠳ ᠢ ᠱᠠᠩᠨᠠᠨ ᠬᠦᠭᠢᠭᠦᠯᠵᠤ᠂ ᠦᠪᠦᠷ ᠮᠣᠩᠭᠣᠯ ᠤᠨ ᠶᠡᠬᠡ ᠰᠤᠷᠭᠠᠭᠤᠯᠢ ᠶᠢᠨ ᠨᠤᠮ ᠤᠨ ᠰᠠᠩ ᠤᠨ ᠤᠩᠰᠢᠭᠴᠢᠳ ᠤᠨ ᠬᠤᠯᠪᠤᠭ᠎ᠠ ᠪᠠᠶᠢᠭᠤᠯᠤᠭᠳᠠᠭᠰᠠᠨ ᠢ ᠵᠠᠷᠯᠠᠬᠤ ᠶᠢᠨ ᠬᠠᠮᠲᠤ ᠤᠷᠤᠰᠬᠠᠯ ᠨᠤᠮ ᠪᠢᠴᠢᠭ᠌ ᠤᠨ ᠰᠤᠹᠲ ᠵᠢᠩᠬᠢᠨᠢ ᠪᠡᠷ ᠠᠰᠢᠭᠯᠠᠯᠲᠠ ᠳᠤ ᠤᠷᠤᠭᠰᠠᠨ ᠢ ᠮᠡᠳᠡᠭᠳᠡᠵᠠᠢ᠃ ᠡᠭᠦᠨ ᠤ ᠳᠠᠭᠠᠤ 《ᠨᠤᠮ ᠤᠨ ᠬᠤᠷᠤᠬᠠᠶᠢᠲᠠᠳ》 ᠲᠤ ᠠᠰᠠᠭᠤᠯᠲᠠ ᠬᠠᠷᠢᠭᠤᠯᠤᠨ ᠪᠡᠯᠡᠭ ᠬᠦᠷᠭᠡᠬᠦ᠂ ᠨᠤᠮ ᠬᠦᠷᠭᠡᠬᠦ ᠠᠵᠢᠯᠯᠠᠭ᠎ᠠ ᠦᠷᠨᠢᠭᠦᠯᠵᠠᠢ᠃

ᠢᠷᠡᠯᠳᠡ᠄ ᠰᠢᠨᠬᠤᠸᠠ ᠮᠣᠩᠭᠣᠯ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120853390